ᠮᠠᠨ ᠤ ᠬᠤᠰᠢᠭᠤ 2023 ᠣᠨ ᠤ ︽ᠦᠷᠦᠪᠴᠢᠬᠡᠨ ᠬᠠᠶᠢᠷ᠎ᠠ ᠶᠢᠨ ᠬᠠᠯᠠᠮᠵᠢ ᠥᠰᠪᠦᠷᠢ ᠪᠠᠭᠠᠴᠤᠳ ᠤᠨ ᠪᠠᠶᠠᠰᠤᠯ︾ ᠪᠢᠴᠢᠯ ᠬᠦᠰᠡᠯ ᠢ ᠲᠡᠷᠭᠡᠯᠰᠢᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/23
      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠭᠠᠴᠤᠳ ᠬᠡᠦᠬᠡᠳ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠳᠤ ᠲᠤᠯᠭᠠᠷᠠᠭᠰᠠᠨ ᠵᠠᠯᠠᠭᠤᠴᠤᠳ ᠪᠠᠭᠠᠴᠤᠳ ᠢ ᠬᠠᠯᠠᠮᠵᠢᠯᠠᠨ ᠲᠡᠳᠬᠦᠬᠦ ᠠᠵᠢᠯ ᠢ ᠰᠠᠶᠢᠲᠤᠷ ᠬᠢᠬᠦ ᠶᠢᠨ ᠲᠥᠯᠦᠭᠡ᠂ 11 ᠰᠠᠷ᠎ᠠ ᠶᠢᠨ 14 ᠤ ᠡᠳᠦᠷ᠂ ᠬᠤᠰᠢᠭᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ᠂ ᠪᠠᠭᠠᠴᠤᠳ‌‍ᠤᠨ ᠠᠵᠢᠯ ᠤᠨ ᠵᠥᠪᠯᠡᠯ ᠬᠠᠮᠲᠤᠷᠠᠨ 2023 ᠣᠨ ᠤ ︽ᠦᠷᠦᠪᠴᠢᠬᠡᠨ ᠬᠠᠶᠢᠷ᠎ᠠ ᠶᠢᠨ ᠬᠠᠯᠠᠮᠵᠢ ᠥᠰᠪᠦᠷᠢ ᠪᠠᠭᠠᠴᠤᠳ ᠤᠨ ᠪᠠᠶᠠᠰᠤᠯ︾ ᠪᠢᠴᠢᠯ ᠬᠦᠰᠡᠯ ᠢ ᠲᠡᠷᠭᠡᠯᠰᠢᠭᠦᠯᠬᠦ ᠠᠵᠢᠯᠯᠠᠭ᠎ᠠ ᠡᠷᠭᠢᠯᠡᠵᠦ᠂ 100 ᠨᠡᠷ᠎ᠡ ᠪᠤᠶᠠᠨᠰᠠᠭ ᠬᠦᠮᠦᠰ᠂ ᠪᠤᠶᠠᠨᠰᠠᠭ ᠠᠨᠢᠶ᠎ᠠ ᠨᠠᠷ ᠬᠠᠷᠠᠭᠠᠯᠵᠠᠭᠰᠠᠨ 100 ᠨᠡᠷ᠎ᠡ ᠵᠠᠯᠠᠭᠤᠴᠤᠳ ᠪᠠᠭᠠᠴᠤᠳ ᠤᠨ ᠪᠢᠴᠢᠯ ᠬᠦᠰᠡᠯ ᠢ ᠨᠢ ᠪᠡᠶᠡᠯᠡᠭᠦᠯᠪᠡ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠡᠭᠦᠨ ᠦᠵᠦᠮᠦᠴᠢᠨ ᠬᠤᠰᠢᠭᠤᠨ ᠤ ᠬᠢᠨ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠠᠵᠢᠯᠯᠠᠭ᠎ᠠ ᠶᠢᠨ ᠲᠥᠰᠥᠯ ᠢ ᠴᠠᠭ ᠲᠤᠬᠠᠢ ᠳᠤᠨᠢ ᠲᠣᠭᠲᠠᠭᠠᠵᠤ᠂ ᠪᠠᠶᠢᠭᠤᠯᠭ᠎ᠠ ᠶᠢᠨ ᠺᠠᠳ᠋ᠷ ᠠᠵᠢᠯᠲᠠᠨ ᠢ ᠥᠷᠭᠡᠨ ᠢᠶᠠᠷ ᠳᠠᠶᠢᠴᠢᠯᠠᠵᠤ᠂ ᠨᠡᠶᠢᠭᠡᠮ ᠤᠨ ᠪᠤᠶᠠᠨᠰᠠᠭ ᠬᠦᠮᠦᠰ ᠣᠯᠠᠨ ᠵᠦᠢᠯ ᠤᠨ ᠬᠡᠯᠪᠡᠷᠢ ᠪᠠᠷ ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠪᠠ ᠣᠯᠠᠨ ᠲᠦᠮᠡᠨ ᠳᠤ ᠦᠢᠯᠡᠴᠢᠯᠡᠬᠦ ᠶᠢ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠶᠢᠨ ᠦᠨᠳᠦᠰᠦ ᠪᠣᠯᠭᠠᠵᠤ᠂ ᠣᠯᠠᠨ ᠲᠦᠮᠡᠨ ᠤ ᠡᠯ᠎ᠡ ᠲᠥᠷᠥᠯ ᠤᠨ ᠠᠰᠠᠭᠤᠳᠠᠯ ᠢ ᠪᠥᠬᠦ ᠲᠠᠯ᠎ᠠ ᠪᠠᠷ ᠰᠠᠶᠢᠲᠤᠷ ᠰᠢᠢᠳᠪᠦᠷᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ︽ᠪᠢ ᠣᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠠᠵᠢᠯᠯᠠᠭ᠎ᠠ ᠶᠢ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠴᠢᠬᠤᠯᠠ ᠠᠭᠤᠯᠭ᠎ᠠ ᠪᠠ ᠲᠣᠪᠣᠶᠢᠮ᠎ᠠ ᠭᠠᠷᠳᠠᠴᠠ ᠪᠣᠯᠭᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠨ᠂ ᠦᠨᠡᠨ ᠰᠡᠳᠬᠢᠯ ᠠᠴᠠ ᠪᠠᠨ ᠣᠯᠠᠨ ᠲᠦᠮᠡᠨ ᠳᠤ ᠰᠠᠶᠢᠨ ᠠᠵᠢᠯ᠂ ᠪᠣᠳᠠᠲᠠᠢ ᠠᠵᠢᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠷᠠᠳ ᠣᠯᠠᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ  ᠨᠡᠮᠡᠭᠳᠡᠭᠦᠯᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号