11 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ | ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠬᠤᠰᠢᠭᠤ | ᠨᠠᠮ ᠤᠨ ᠬᠤᠷᠢᠶᠠᠨ ᠤ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠬᠤᠶᠠᠳᠤᠭᠠᠷ ᠤᠳᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠳᠡᠳ᠋ ᠳᠠᠷᠤᠭ᠎ᠠ ᠨᠠᠷ ᠪᠣᠯᠣᠨ ᠭᠡᠰᠢᠭᠦᠳ᠂ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ | ᠡᠯ᠎ᠡ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ᠂ ᠬᠤᠰᠢᠭᠤ ᠨᠠᠮ ᠤᠨ ᠬᠤᠷᠢᠶ᠎ᠠ ᠶᠢᠨ ᠭᠤᠣᠯ | ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠡᠯ᠎ᠡ ᠠᠵᠢᠯᠯᠠᠬᠤ ᠳᠤᠭᠤᠶᠢᠯᠠᠩ ᠤᠨ | ᠳᠠᠷᠤᠭ᠎ᠠ ᠬᠤᠷᠠᠯ ᠳᠤ ᠣᠷᠣᠯᠴᠠᠵᠠᠢ᠃ | ᠬᠤᠷᠠᠯ ᠠᠴᠠ ᠲᠥᠪ ᠤᠨ ᠭᠤᠣᠯ ᠰᠡᠳᠦᠪᠲᠦ ᠬᠥᠮᠦᠵᠢᠯ ᠤᠨ ᠠᠯᠪᠠᠨ ᠭᠡᠷ ᠤᠨ ︽ᠰᠢ ᠶᠢᠨ ᠫᠢᠩ ᠶᠡᠷᠦᠩᠬᠡᠢ | ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ ᠬᠤᠶᠠᠳᠤᠭᠠᠷ | ᠪᠦᠯᠦᠭ ᠤᠨ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠲᠤᠬᠠᠢ ᠮᠡᠳᠡᠭᠳᠡᠯ︾᠂ ᠼᠠᠢ ᠴᠢ | ᠨᠥᠬᠦᠷ ᠤᠨ ᠲᠥᠪ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ 6 ᠳ᠋ᠤᠭᠠᠷ | ᠤᠳᠠᠭᠠᠨ ᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠭᠤᠣᠯ ᠰᠡᠳᠦᠪᠲᠦ ᠬᠥᠮᠦᠵᠢᠯ ᠵᠢᠴᠢ | ᠠᠶᠢᠮᠠᠭ ᠤᠨ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠠᠵᠢᠯ ᠢ ᠠᠬᠢᠭᠤᠯᠬᠤ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠮᠦᠨ᠎ᠡ ᠨᠢᠭᠡ ᠬᠤᠭᠤᠴᠠᠭᠠᠨ ᠤ ᠬᠤᠰᠢᠭᠤ ᠭᠤᠣᠯ ᠰᠡᠳᠦᠪᠲᠦ | ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠥᠷᠨᠢᠭᠰᠡᠨ ᠪᠠᠶᠢᠳᠠᠯ ᠵᠢᠴᠢ ᠭᠤᠣᠯ | ᠰᠡᠳᠦᠪᠲᠦ ᠬᠥᠮᠦᠵᠢᠯ ᠢ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠠᠵᠢᠯ ᠤᠨ ᠥᠷᠨᠢᠭᠰᠡᠨ ᠪᠠᠶᠢᠳᠠᠯ ᠤᠨ | ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ | ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨ ᠭᠦᠨᠵᠡᠭᠡᠢ ᠲᠠᠨᠢᠵᠤ᠂ | ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠭᠤᠣᠯ ᠰᠡᠳᠦᠪᠲᠦ | ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ | ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ | ᠪᠣᠯᠣᠨ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ | ᠃ ︽ᠦᠵᠡᠯ ᠰᠠᠨᠠᠭ᠎ᠠ ᠶᠢ ᠰᠤᠷᠤᠯᠴᠠᠨ ᠨᠠᠮᠴᠢ ᠴᠢᠨᠠᠷ ᠢᠶᠠᠨ ᠴᠢᠩᠭᠠᠳᠬᠠᠵᠤ ᠦᠢᠯᠡᠳᠦᠯᠭᠡ ᠶᠢ ᠴᠢᠬᠤᠯᠠᠴᠢᠯᠠᠨ | ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠰᠡᠳᠦᠪ | ᠭᠤᠣᠯ ᠰᠢᠵᠢᠮ ᠢ ᠳᠤᠪᠤᠶᠢᠯᠭᠠᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ | ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ | ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠵᠡᠷᠭᠡ ᠠᠵᠢᠯ ᠤᠨ ᠡᠭᠦᠷᠭᠡ ᠶᠢ ᠨᠢᠭᠡ ᠴᠣᠭᠴᠠᠵᠢᠭᠤᠯᠤᠨ ᠠᠬᠢᠭᠤᠯᠵᠤ᠂ | ᠤᠯᠠᠨ ᠲᠦᠮᠡᠨ ᠳᠤ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠮᠡᠳᠡᠷᠡᠭᠦᠯᠬᠦ ᠬᠡᠷᠡᠭᠲᠡᠢ᠃ | ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠭᠤᠣᠯ ᠰᠡᠳᠦᠪᠲᠦ | ᠬᠥᠮᠦᠵᠢᠯ ᠢ ᠴᠢᠨᠠᠷ ᠰᠠᠶᠢᠲᠠᠢ ᠬᠥᠭᠵᠢᠯᠲᠡ ᠲᠠᠢ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠵᠤ᠂ ᠬᠤᠶᠠᠷ ᠢ | ᠠᠬᠢᠭᠤᠯᠤᠨ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠢ ᠭᠡᠪᠡ᠃ | |