ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠭᠠᠨ ᠵᠢᠯᠤᠭᠤᠳᠪᠠ
ᠨᠡᠶᠢᠲᠡᠯᠡᠭᠰᠡᠨ ᠴᠠᠭ᠄
2023/11/23
      11 ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠭᠦᠨᠵᠡᠭᠡᠶᠢᠷᠡᠨ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠤᠷᠠᠯ ᠬᠢᠵᠦ᠂ ᠠᠵᠢᠯ ᠤᠨ ᠬᠠᠷᠢᠭᠤ ᠮᠡᠳᠡᠭᠦᠯᠦᠯᠲᠡ  ᠰᠣᠨᠣᠰᠣᠨ᠂ ᠬᠠᠮᠢᠶ᠎ᠠ ᠪᠦᠬᠦᠢ ᠪᠠᠶᠢᠳᠠᠯ ᠢᠶᠠᠨ ᠰᠣᠯᠢᠯᠴᠠᠵᠤ᠂ ᠵᠢᠯᠤᠭᠤᠳᠬᠤ ᠰᠠᠨᠠᠯ ᠢᠶᠠᠨ ᠳᠤᠷᠠᠳᠪᠠ᠃        ᠬᠤᠰᠢᠭᠤ ᠨᠠᠮ ‍ᠤᠨ‌ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ ᠬᠠᠮᠲᠦ ᠪᠠᠶᠢᠴᠠᠭᠠᠨ ᠰᠤᠳᠤᠯᠤᠯᠲᠠ ᠬᠢᠪᠡ᠃        ᠬᠤᠷᠠᠯ ᠳᠡᠭᠡᠷ᠎ᠡ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠣᠣᠷᠠᠬᠢ ᠶᠡᠷᠦᠩᠬᠡᠶᠢᠯᠡᠭᠰᠡᠨ ᠪᠠᠲᠤᠯᠠᠭ᠎ᠠ ᠶᠢᠨ ᠳᠤᠭᠤᠶᠢᠯᠠᠩ᠂ ᠮᠠᠲ᠋ᠧᠷᠢᠶᠠᠯ ᠤᠨ ᠲᠣᠪᠴᠢ ᠮᠡᠳᠡᠭᠡᠨ ᠤ ᠳᠤᠭᠤᠶᠢᠯᠠᠩ᠂ ᠤᠬᠠᠭᠤᠯᠭ᠎ᠠ ᠶᠢᠨ ᠳᠤᠭᠤᠶᠢᠯᠠᠩ᠂ ᠴᠡᠭᠴᠡᠯᠡᠨ ᠵᠠᠰᠠᠬᠤ ᠳᠤᠭᠤᠶᠢᠯᠠᠩ᠂ ᠬᠠᠷᠢᠯᠴᠠᠬᠤ ᠳᠤᠭᠤᠶᠢᠯᠠᠩ ᠠᠴᠠ ᠲᠣᠰ ᠲᠣᠰ ᠥᠪᠡᠷ ᠤᠨ ᠪᠣᠳᠠᠲᠠᠢ ᠠᠵᠢᠯ ᠲᠠᠢ ᠪᠠᠨ ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ ᠰᠣᠯᠢᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠶᠠᠳᠤᠭᠠᠷ ᠪᠦᠯᠦᠭ ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠠᠷᠢᠭᠤᠴᠠᠯᠭ᠎ᠠ ᠪᠠᠨ ᠦᠨᠡᠨᠬᠦ ᠪᠠᠲᠤ ᠡᠭᠦᠷᠭᠡᠯᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠷᠢᠨ ᠨᠢᠮᠪᠠᠢ ᠲᠣᠬᠢᠷᠠᠭᠤᠯᠤᠨ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠲᠣᠭᠲᠠᠭᠤᠨ ᠢᠶᠠᠷ ᠠᠬᠢᠭᠤᠯᠵᠤ᠂ ᠪᠠᠶᠢᠳᠠᠯ ᠰᠠᠶᠢᠨ ᠪᠠᠶᠢᠵᠤ᠂ ᠪᠥᠬᠦ ᠬᠤᠰᠢᠭᠤᠨ ᠤ ᠭᠤᠣᠯ ᠰᠡᠳᠦᠪᠲᠦ ᠬᠥᠮᠦᠵᠢᠯ ᠢ ᠴᠢᠨᠠᠷ ᠰᠠᠶᠢᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠳᠣᠣᠷᠠᠬᠢ ᠡᠯ᠎ᠡ ᠠᠵᠢᠯᠯᠠᠬᠤ ᠳᠤᠭᠤᠶᠢᠯᠠᠩ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠬᠠᠷᠢᠭᠤᠴᠠᠯᠭ᠎ᠠ ᠪᠠᠨ ᠦᠨᠡᠨᠬᠦ ᠴᠢᠩᠭᠠᠳᠬᠠᠵᠤ᠂ ᠠᠶᠢᠵᠠᠮ ᠢ ᠡᠵᠡᠮᠳᠡᠨ᠂ ᠨᠢᠭᠡᠳᠦᠯᠲᠡᠢ ᠲᠥᠯᠥᠪᠯᠡᠨ ᠵᠣᠬᠢᠴᠠᠭᠤᠯᠵᠤ᠂ ᠬᠠᠮᠲᠤ ᠶᠢᠨ ᠬᠦᠴᠦᠨ ᠪᠦᠷᠢᠯᠳᠦᠭᠦᠯᠬᠦ ᠬᠡᠷᠡᠭᠲᠡᠢ ᠃ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠯᠤᠭ᠎ᠠ ᠶᠢᠨ ᠬᠠᠷᠢᠯᠴᠠᠭ᠎ᠠ ᠪᠠᠨ ᠴᠢᠩᠭᠠᠳᠬᠠᠵᠤ᠂ ᠡᠯ᠎ᠡ ᠠᠵᠢᠯᠯᠠᠬᠤ ᠳᠤᠭᠤᠶᠢᠯᠠᠩ᠂ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠬᠢᠨ ᠨᠡᠪᠲᠡᠷᠡᠯᠴᠡᠨ ᠬᠠᠷᠢᠯᠴᠠᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠢᠳᠡᠪᠬᠢᠲᠡᠢ ᠵᠢᠯᠣᠭᠤᠳᠤᠨ ᠠᠬᠢᠭᠤᠯᠬᠤ ᠬᠡᠷᠡᠭᠲᠡᠢ᠃ ᠤᠬᠠᠭᠤᠯᠤᠨ ᠮᠡᠳᠡᠭᠡᠯᠡᠬᠦ ᠪᠠᠨ ᠴᠢᠩᠭᠠᠳᠬᠠᠵᠤ᠂ ᠰᠢᠨ᠎ᠡ ᠵᠠᠭᠤᠴᠢᠯᠠᠭᠤᠷ ᠤᠨ ᠬᠦᠴᠦᠨ ᠢ ᠭᠦᠢᠴᠡᠳ ᠠᠰᠢᠭᠯᠠᠵᠤ᠂ ᠨᠡᠩ ᠤᠯᠠᠨ ᠨᠡᠩ ᠰᠠᠶᠢᠨ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠤᠨ ᠢᠯᠡᠷᠡᠭᠦᠯᠵᠦ᠂ ᠠᠵᠢᠯ ᠤᠨ ᠬᠢᠯᠠᠰ ᠴᠡᠭ ᠪᠣᠯᠣᠨ ᠣᠨᠴᠠᠯᠢᠭ ᠢ ᠳ᠋ᠦᠩᠨᠡᠨ ᠪᠣᠯᠪᠠᠰᠤᠷᠠᠭᠤᠯᠵᠤ᠂ ᠭᠤᠣᠯ ᠵᠠᠭᠤᠴᠢᠯᠠᠭᠤᠷ ᠲᠤ ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠲᠤᠷᠰᠢᠯᠭ᠎ᠠ ᠬᠢᠳᠡᠯ᠂ ᠪᠦᠲᠦᠮᠵᠢᠲᠡᠢ ᠠᠷᠭ᠎ᠠ ᠬᠡᠮᠵᠢᠶ᠎ᠡ ᠶᠢᠨ ᠤᠬᠠᠭᠤᠯᠭ᠎ᠠ ᠶᠢᠨ ᠨᠡᠩ ᠥᠷᠭᠡᠨ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠢᠯ ᠤᠨ ᠶᠠᠪᠤᠴᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠵᠤ ᠳ᠋ᠤᠭᠠᠷᠯᠠᠯ ᠢ  ᠬᠠᠰᠤᠨ᠂ ᠴᠠᠭ ᠤᠨ ᠬᠠᠭᠠᠰ ᠠᠴᠠ ᠬᠡᠲᠦᠷᠡᠬᠦ᠂ ᠡᠭᠦᠷᠭᠡ ᠶᠢᠨ ᠬᠠᠭᠠᠰ ᠠᠴᠠ ᠬᠡᠲᠦᠷᠡᠬᠦ ᠱᠠᠭᠠᠷᠳᠠᠯᠭ᠎ᠠ ᠲᠠᠢ ᠬᠠᠷᠢᠴᠠᠭᠤᠯᠤᠨ᠂ ᠡᠬᠡ ᠲᠠᠩᠰᠠ ᠶᠢ ᠡᠮᠬᠢᠯᠡᠬᠦ ᠪᠠ ᠠᠰᠠᠭᠤᠳᠠᠯ ᠤᠨ ᠳ᠋ᠤᠭᠠᠷᠯᠠᠯ ᠢ ᠬᠠᠰᠤᠬᠤ ᠠᠵᠢᠯ ᠢ ᠰᠠᠶᠢᠲᠤᠷ ᠬᠢᠵᠦ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号