ᠣᠶᠢᠯᠠᠭᠠᠭᠰᠠᠨ ᠢᠶᠠᠷ᠄ ᠲᠦᠷᠦᠭᠦᠦ ᠭᠤᠷᠪᠠᠨ ᠤᠯᠠᠷᠢᠯ ᠳᠤ᠂ ᠪᠥᠬᠦ ᠤᠯᠤᠰ ᠲᠤ ᠰᠢᠨ᠎ᠡ ᠪᠠᠷ | ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 706.5 ᠲᠦᠮᠡ ᠪᠤᠯᠵᠤ᠂ ᠠᠳᠠᠯᠢ | ᠬᠤᠭᠤᠴᠠᠭᠠᠨ ᠤ ᠬᠢ ᠠᠴᠠ ᠪᠠᠨ 15.3% ᠪᠠᠷ ᠨᠡᠮᠡᠭᠳᠡᠪᠡ᠃ 9 ᠰᠠᠷ᠎ᠠ ᠶᠢᠨ ᠡᠴᠦᠰ ᠪᠣᠯᠲᠠᠯ᠎ᠠ᠂ ᠪᠥᠬᠦ | ᠤᠯᠤᠰ ᠲᠤ ᠪᠦᠷᠢᠳᠭᠡᠨ ᠲᠠᠩᠰᠠᠯᠠᠭᠤᠯᠤᠬᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠲᠤᠭ᠎ᠠ | 5200 ᠲᠦᠮᠡ ᠶᠢ ᠳᠠᠪᠠᠵᠤ᠂ ᠠᠵᠤ ᠠᠬᠤᠶᠢᠯᠠᠯ ᠤᠨ ᠶᠡᠷᠦᠩᠬᠡᠶ ᠬᠡᠮᠵᠢᠶ᠎ᠡ ᠲᠤᠳᠤᠷ᠎ᠠ ᠡᠵᠡᠯᠡᠬᠦ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠬᠠᠷᠢᠴᠠᠯ ᠨᠢ 92.3% ᠳᠤ ᠬᠦᠷᠴᠡᠶ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠣᠷᠣᠨ ᠪᠦᠰᠡ ᠶᠢᠨ ᠬᠥᠭᠵᠢᠯᠲᠡ ᠨᠠᠩ | ᠲᠡᠩᠴᠡᠭᠦᠷᠢᠲᠡᠶ ᠪᠣᠯᠪᠠ᠃ ᠲᠦᠷᠦᠭᠦᠦ ᠭᠤᠷᠪᠠᠨ ᠤᠯᠠᠷᠢᠯ ᠳᠤ᠂ ᠵᠡᠭᠦᠨ᠂ ᠳᠤᠮᠳᠠ᠂ ᠪᠠᠷᠠᠭᠤᠨ᠂ ᠵᠡᠭᠦᠨ | ᠬᠤᠶᠢᠲᠤ ᠶᠢᠨ ᠳᠥᠷᠪᠡᠨ ᠶᠡᠭᠡ ᠬᠡᠰᠡᠭ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠴᠥᠮ | ᠲᠣᠭᠲᠠᠭᠤᠨ ᠤ ᠳᠤᠮᠳᠠ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠢᠶᠠᠨ ᠪᠠᠲᠤᠯᠠᠪᠠ᠃ ᠵᠡᠭᠦᠨ ᠬᠡᠰᠡᠭ ᠤᠨ | ᠭᠠᠵᠠᠷ ᠣᠷᠣᠨ ᠳᠤ ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 351 ᠲᠦᠮᠡ | ᠪᠣᠯᠵᠣ᠂ ᠠᠳᠠᠯᠢ ᠬᠤᠭᠤᠴᠠᠭᠠᠨ ᠤ ᠬᠢ ᠠᠴᠠ ᠪᠠᠨ 12.6% ᠪᠠᠷ ᠨᠡᠮᠡᠭᠳᠡᠵᠠᠢ︔ ᠳᠤᠮᠳᠠ ᠬᠡᠰᠡᠭ ᠤᠨ ᠭᠠᠵᠠᠷ | ᠣᠷᠣᠨ ᠤ ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 176.6 ᠲᠦᠮᠡ ᠪᠤᠯᠵᠤ᠂ | ᠠᠳᠠᠯᠢ ᠬᠤᠭᠤᠴᠠᠭᠠᠨ ᠤ ᠬᠢ ᠠᠴᠠ ᠪᠠᠨ16% ᠪᠠᠷ ᠨᠡᠮᠡᠭᠳᠡᠵᠠᠢ︔ ᠪᠠᠷᠠᠭᠤᠨ ᠬᠡᠰᠡᠭ ᠤᠨ ᠭᠠᠵᠠᠷ ᠣᠷᠣᠨ ᠤ | ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 149 ᠲᠦᠮᠡ ᠪᠤᠯᠵᠤ᠂ | ᠠᠳᠠᠯᠢ ᠬᠤᠭᠤᠴᠠᠭᠠᠨ ᠤ ᠬᠢ ᠠᠴᠠ ᠪᠠᠨ 23.3% ᠪᠠᠷ ᠨᠡᠮᠡᠭᠳᠡᠵᠠᠢ︔ ᠵᠡᠭᠦᠨ ᠬᠤᠶᠢᠲᠤ ᠣᠷᠣᠨ ᠤ | ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ 29.9 ᠲᠦᠮᠡ ᠪᠤᠯᠵᠤ᠂ ᠠᠳᠠᠯᠢ | ᠬᠤᠭᠤᠴᠠᠭᠠᠨ ᠤ ᠬᠢ ᠠᠴᠠ ᠪᠠᠨ 7.4% ᠪᠠᠷ ᠨᠡᠮᠡᠭᠳᠡᠵᠠᠢ᠃ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠠᠵᠤ ᠦᠢᠯᠡᠰ ᠤᠨ ᠪᠦᠲᠦᠴᠡ ᠲᠠᠰᠤᠷᠠᠯᠲᠠ | ᠦᠭᠡᠢ ᠰᠢᠯᠢᠳᠡᠭᠵᠢᠪᠡ᠃ ᠲᠦᠷᠦᠭᠦᠦ ᠭᠤᠷᠪᠠᠨ ᠤᠯᠠᠷᠢᠯ ᠳᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ | ᠦᠢᠯᠡᠰ ᠤᠨ ᠰᠢᠨ᠎ᠡ ᠪᠠᠷ ᠪᠠᠶᠢᠭᠤᠯᠤᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠣᠰ ᠲᠣᠰ 28. | 4 ᠲᠦᠮᠨ᠂ 111.6 ᠲᠦᠮᠨ᠂ 566.5 ᠲᠦᠮᠨ ᠪᠣᠯᠵᠣ᠂ ᠭᠤᠷᠪᠠᠳᠤᠭᠠᠷ ᠠᠵᠤ ᠦᠢᠯᠡᠰ ᠤᠨ ᠡᠵᠡᠯᠡᠬᠦ | ᠬᠠᠷᠢᠴᠠᠯ ᠨᠠᠢᠮᠠᠨ ᠬᠤᠪᠢ ᠶᠢ ᠳᠠᠪᠠᠪᠠ᠃ ᠬᠦᠴᠦᠷᠬᠡᠭ ᠶᠡᠭᠡ ᠵᠠᠬ᠎ᠠ ᠳᠡᠯᠭᠡᠭᠦᠷ ᠤᠨ ᠳᠠᠪᠠᠭᠤᠯᠢᠭ ᠲᠤ | ᠲᠦᠰᠢᠭᠯᠡᠨ᠂ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠠᠷᠠᠳ ᠤᠨ ᠠᠮᠢᠳᠤᠷᠠᠯ ᠤᠨ ᠠᠵᠢᠯ | ᠲᠥᠷᠥᠯ ᠦᠷᠭᠦᠯᠵᠢᠯᠡᠨ ᠲᠦᠷᠭᠡᠨ ᠬᠥᠭᠵᠢᠵᠦ᠂ ︽ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ︾᠂ ︽ | ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ︾᠂ ︽ᠪᠥᠭᠡᠮ ᠢᠶᠠᠷ | ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ︾ ᠤᠨ ᠰᠢᠨ᠎ᠡ ᠪᠠᠷ ᠪᠠᠶᠢᠭᠤᠯᠤᠭᠰᠠᠨ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯ ᠤᠨ ᠨᠡᠮᠡᠭᠳᠡᠯ ᠤᠨ ᠬᠤᠷᠳᠤᠴᠠ ᠲᠣᠰ ᠲᠣᠰ 40.3 %᠂ 23.1 % | ᠪᠠ 17.4% ᠳᠤ ᠬᠦᠷᠴᠡᠢ᠃ |