ᠠᠯᠲᠠᠨᠬᠢᠯᠢ ᠰᠤᠮᠤᠨ ᠤ ᠪᠠᠳᠠᠷᠠᠬᠤ ᠭᠠᠴᠠᠭᠠᠨ ᠤ ︽ᠭᠤᠷᠪᠠᠨ ᠶᠠᠪᠤᠳᠠᠯ ᠢ ᠢᠯᠡ ᠪᠣᠯᠭᠠᠬᠤ︾ ᠰᠢᠭᠤᠳ | ᠨᠡᠪᠲᠡᠷᠡᠭᠦᠯᠭᠡ ᠶᠢᠨ ᠠᠬᠤᠢ ᠲᠠᠯᠠᠪᠠᠶ ᠳᠤ᠂ ᠲᠣᠰ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ | ᠭᠠᠩᠲᠡᠮᠤᠷ ︽ᠦᠨᠳᠤᠰᠤᠨ ᠱᠠᠳᠤᠨ ᠤ ᠤᠳᠤᠷᠢᠳᠬᠤ ᠡᠷᠬᠡ︾ ᠶᠢᠨ ᠲᠣᠳᠣᠷᠬᠠᠢ ᠬᠠᠭᠤᠳᠠᠰᠤ ᠶᠢᠨ 36 | ᠵᠤᠷᠪᠤᠰ ᠲᠠᠬᠢ ︽ᠭᠤᠷᠪᠠᠨ ᠪᠡᠯᠡ ᠮᠥᠩᠭᠦ ᠶᠢᠨ ᠬᠠᠮᠢᠶᠠᠷᠤᠯᠲᠠ︾᠂ ᠠᠷᠠᠳ ᠤᠨ ᠠᠮᠢᠳᠤᠷᠠᠯ ᠵᠢᠴᠢ ᠨᠡᠶᠢᠭᠡᠮ ᠤᠨ | ᠪᠠᠲᠤᠯᠠᠭ᠎ᠠ᠂ ᠮᠠᠯ ᠠᠵᠤ ᠠᠬᠤᠢ ᠶᠢᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠬᠠᠮᠲᠤ ᠶᠢᠨ | ᠠᠵᠤ ᠠᠬᠤᠢ ᠤᠨ ᠬᠥᠭᠵᠢᠯᠲᠡ ᠵᠢᠴᠢ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠤᠷᠤᠯᠭ᠎ᠠ ᠵᠠᠷᠤᠯᠭ᠎ᠠ ᠵᠡᠷᠭᠡ | ᠨᠠᠮ ᠤᠨ ᠶᠠᠪᠤᠳᠠᠯ᠂ ᠭᠠᠴᠠᠭᠠᠨ ᠤ ᠶᠠᠪᠤᠳᠠᠯ᠂ ᠡᠳ᠋ ᠤᠨ ᠶᠠᠪᠤᠳᠠᠯ ᠤᠨ ᠲᠣᠭᠤᠷᠢᠨ ᠳᠤ ᠰᠦᠯᠵᠢᠶᠡᠨ ᠳᠡᠭᠡᠷ᠎ᠡ ᠢᠯᠡ | ᠨᠡᠶᠢᠲᠠᠯᠠᠪᠠ᠃ ᠡᠭᠦᠨ ᠤ ᠬᠠᠮᠲᠤ ᠭᠠᠴᠠᠭᠠᠨ ᠤ ᠮᠠᠯᠴᠢᠳ ᠤᠨ ᠳᠤᠷᠠᠳᠤᠭᠰᠠᠨ ᠬᠤᠯᠪᠣᠭᠳᠠᠯ ᠪᠦᠬᠦᠢ ᠠᠰᠠᠭᠤᠯᠲᠠ ᠶᠢ | ᠴᠠᠭ ᠲᠤᠬᠠᠢ ᠳᠤᠨᠢ ᠬᠠᠷᠢᠴᠠᠩᠭᠤᠢ ᠪᠠᠷ ᠬᠠᠷᠢᠭᠤᠯᠪᠠ᠃ ᠭᠠᠴᠠᠭᠠᠨ ᠳᠠᠷᠤᠭ᠎ᠠ ᠭᠠᠩᠲᠡᠮᠤᠷ ᠤᠨ | ᠲᠠᠨᠢᠯᠴᠠᠭᠤᠯᠤᠭᠰᠠᠨ ᠢᠶᠠᠷ᠂ ᠲᠣᠭᠲᠠᠮᠠᠯ ᠬᠤᠭᠤᠴᠠᠭ᠎ᠠ ᠲᠠᠢ ᠪᠠᠷ ᠡᠶᠢᠮᠤᠷᠬᠦᠤ ᠰᠢᠭᠤᠳ ᠨᠡᠪᠲᠡᠷᠡᠭᠦᠯᠭᠡ ᠬᠢᠬᠦ ᠪᠠᠷ | ᠳᠡᠮᠵᠢᠨ᠂ ᠭᠠᠴᠠᠭᠠᠨ ᠤ ᠮᠠᠯᠴᠢᠳ ᠲᠤ ᠥᠪᠡᠷ ᠤᠨ ᠠᠮᠢᠳᠤᠷᠠᠯ ᠲᠠᠢ ᠪᠠᠨ ᠨᠢᠭᠲᠠ ᠬᠤᠯᠪᠣᠭ᠎ᠠ ᠲᠠᠢ ᠦᠨᠳᠤᠰᠤᠨ | ᠱᠠᠳᠤᠨ ᠤ ᠤᠳᠤᠷᠢᠳᠬᠤ ᠡᠷᠬᠡ ᠶᠢᠨ ᠬᠢᠵᠠᠭᠠᠷᠯᠠᠬᠤ ᠳᠤᠭᠲᠠᠴᠠ ᠶᠢᠨ ᠠᠵᠢᠯᠯᠠᠭᠠᠨ ᠢ ᠣᠶᠢᠯᠠᠭᠠᠭᠤᠯᠵᠤ᠂ ᠥᠷᠭᠡᠨ | ᠣᠯᠠᠨ ᠮᠠᠯᠴᠢᠳ ᠤᠨ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠮᠠᠯᠴᠢᠳ ᠤᠨ ᠰᠡᠳᠬᠢᠯ ᠳᠤ ︽ᠲᠣᠳᠣᠷᠬᠠᠢ | ᠲᠠᠩᠰᠠ︾ ᠲᠠᠢ ᠪᠣᠯᠭᠠᠵᠤ ᠪᠣᠯᠣᠨ᠎ᠠ᠃ ᠠᠯᠲᠠᠨᠬᠢᠯᠢ ᠰᠤᠮᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠠᠩᠬᠠᠳᠠᠭᠴᠢ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ ︽ᠦᠨᠳᠤᠰᠤᠨ | ᠱᠠᠳᠤᠨ ᠤ ᠤᠳᠤᠷᠢᠳᠬᠤ ᠡᠷᠬᠡ︾ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠬᠡᠷᠡᠭᠵᠢᠭᠦᠯᠦᠭᠰᠡᠨ ᠠᠴᠠ | ᠨᠠᠰᠢ᠂ ᠰᠦᠯᠵᠢᠶᠡᠨ ᠳᠡᠭᠡᠷᠡᠬᠢ ᠬᠢᠨᠠᠯᠲᠠ ᠲᠠᠯᠪᠢᠬᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ︽ᠦᠨᠳᠤᠰᠤᠨ | ᠱᠠᠳᠤᠨ ᠤ ᠤᠳᠤᠷᠢᠳᠬᠤ ᠡᠷᠬᠡ︾ ᠶᠢ ᠢᠯᠡ ᠪᠠᠷ ᠠᠵᠢᠯᠯᠠᠭᠤᠯᠤᠭᠰᠠᠨ ᠠᠮᠢᠳᠤᠯᠢᠭ ᠬᠤᠷᠢᠶᠠᠩᠭᠤᠢ ᠳᠦᠷᠰᠦ | ᠪᠣᠯᠣᠨ᠎ᠠ᠃ | 2021 ᠣᠨ ᠳᠤ ︽ᠦᠨᠳᠤᠰᠤᠨ ᠱᠠᠳᠤᠨ ᠤ ᠤᠳᠤᠷᠢᠳᠬᠤ ᠡᠷᠬᠡ︾ ᠶᠢ ᠬᠢᠵᠠᠭᠠᠷᠯᠠᠬᠤ ᠲᠣᠭᠲᠠᠴᠠ ᠶᠢ | ᠪᠥᠬᠦ ᠬᠤᠰᠢᠭᠤᠨ ᠤ ᠲᠤᠷᠰᠢᠯᠲᠠ ᠶᠢᠨ ᠴᠡᠭ ᠤᠨ ᠠᠵᠢᠯ ᠤᠨ ᠬᠤᠪᠢ ᠪᠠᠷ ᠠᠯᠲᠠᠨᠬᠢᠯᠢ ᠰᠤᠮᠤᠨ ᠳᠤ ᠤᠷᠢᠳᠠᠪᠠᠷ | ᠬᠡᠷᠡᠭᠵᠢᠭᠦᠯᠦᠭᠰᠡᠨ ᠠᠴᠠ ᠨᠠᠰᠢ᠂ ᠠᠯᠲᠠᠨᠬᠢᠯᠢ ᠰᠤᠮᠤ ᠶᠢᠨ ᠬᠢᠨ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶᠢᠯᠠᠬᠤ᠂ | ᠠᠵᠢᠯᠯᠠᠭᠠᠨ ᠤ ᠶᠠᠪᠤᠴᠠ ᠶᠢ ᠵᠢᠷᠤᠮᠵᠢᠭᠤᠯᠬᠤ᠂ ᠰᠤᠷᠭᠠᠨ ᠬᠥᠮᠥᠵᠢᠭᠦᠯᠵᠦ ᠬᠥᠲᠥᠯᠥᠨ ᠵᠢᠯᠤᠭᠤᠳᠬᠤ ᠶᠢ | ᠴᠢᠩᠭᠠᠳᠬᠠᠬᠤ᠂ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ | ᠦᠨᠳᠤᠰᠤᠨ ᠱᠠᠳᠤᠨ ᠤ ᠤᠳᠤᠷᠢᠳᠬᠤ ᠡᠷᠬᠡ ᠶᠢ ᠬᠢᠵᠠᠭᠠᠷᠯᠠᠬᠤ ᠲᠣᠭᠲᠠᠴᠠ ᠶᠢᠨ ︽ᠭᠤᠷᠪᠠ ᠶᠢ ᠢᠵᠢ | ᠪᠦᠷᠢᠳᠦᠭᠦᠯᠬᠦ︾ ᠰᠢᠰᠲ᠋ᠧᠮ ᠢ ᠪᠦᠷᠢᠨᠰᠢᠭᠦᠯᠵᠦ᠂ ᠭᠠᠴᠠᠭᠠᠨ ᠤ ᠦᠨᠳᠤᠰᠤᠨ ᠱᠠᠳᠤᠨ ᠤ ᠤᠳᠤᠷᠢᠳᠬᠤ ᠡᠷᠬᠡ ᠶᠢᠨ | ︽ᠬᠢᠨᠠᠯᠲᠠ ᠲᠠᠯᠪᠢᠬᠤ ᠬᠠᠷᠠᠭᠤᠯ︾ ᠢ ᠬᠠᠩᠭᠢᠨᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠠᠷᠢᠭᠤᠨ ᠴᠢᠬᠡᠴᠢ ᠶᠢᠨ ᠰᠠᠭᠤᠷᠢ ᠶᠢ ᠪᠠᠬᠢᠵᠢᠭᠦᠯᠪᠡ᠃ | ︽ᠦᠨᠳᠤᠰᠤᠨ ᠱᠠᠳᠤᠨ ᠤ ᠤᠳᠤᠷᠢᠳᠬᠤ ᠡᠷᠬᠡ︾ ᠶᠢᠨ ᠬᠢᠵᠠᠭᠠᠷᠯᠠᠬᠤ ᠳᠤᠭᠲᠠᠴᠠ ᠶᠢᠨ ᠠᠵᠢᠯᠯᠠᠭᠠᠨ ᠨᠢ | ᠠᠷᠠᠳ ᠤᠨ ᠠᠮᠢᠳᠤᠷᠠᠯ ᠲᠠᠢ ᠬᠤᠯᠪᠤᠭᠳᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠵᠤ ᠪᠠᠶᠢᠳᠠᠭ᠃ ᠣᠶᠢᠷ᠎ᠠ ᠶᠢᠨ ᠵᠢᠯ ᠳᠤ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠦᠨᠳᠦᠰᠦᠨ ᠱᠠᠲᠤᠨ ᠤ ᠬᠢᠨᠠᠯᠲᠠ ᠲᠠᠯᠪᠢᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ︽ᠦᠨᠳᠤᠰᠤᠨ ᠱᠠᠳᠤᠨ ᠤ ᠤᠳᠤᠷᠢᠳᠬᠤ ᠡᠷᠬᠡ︾ ᠶᠢᠨ ᠨᠠᠷᠢᠨ ᠳᠠᠩᠰᠠ ᠪᠠᠷ | ᠬᠡᠷᠴᠢᠶᠡᠰᠦ ᠪᠣᠯᠭᠠᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ᠂ ᠬᠢᠨᠠᠯᠲᠠ ᠲᠠᠯᠪᠢᠬᠤ ᠬᠦᠴᠦᠨ ᠢ | ᠡᠮᠬᠢᠯᠡᠨ ᠨᠡᠶᠢᠯᠡᠭᠦᠯᠬᠦ᠂ ᠬᠢᠨᠠᠯᠲᠠ ᠲᠠᠯᠪᠢᠬᠤ ᠳᠡᠭᠡᠷ᠎ᠡ ᠬᠦᠴᠦ ᠪᠠᠨ ᠲᠠᠯᠪᠢᠵᠤ᠂ ᠣᠯᠠᠨ ᠲᠦᠮᠡᠨ ᠤ ᠳᠤᠮᠳᠠ ᠨᠡᠩ | ᠢᠯᠡᠭᠦᠦ ᠭᠦᠨᠵᠡᠭᠡᠶᠢᠷᠡᠬᠦ ᠨᠡᠩ ᠥᠨᠳᠥᠷ ᠪᠦᠲᠦᠮᠵᠢᠲᠡᠶ ︽ᠦᠨᠳᠤᠰᠤᠨ ᠱᠠᠳᠤᠨ ᠤ ᠤᠳᠤᠷᠢᠳᠬᠤ ᠡᠷᠬᠡ︾ ᠶᠢᠨ | ᠬᠢᠨᠠᠯᠲᠠ ᠬᠢᠵᠠᠭᠠᠷᠯᠠᠯ ᠤᠨ ᠲᠣᠭᠲᠠᠴᠠ ᠶᠢ ᠦᠷᠭᠦᠯᠵᠢᠯᠡᠨ ᠬᠠᠶᠢᠨ ᠰᠦᠪᠡᠭᠴᠢᠯᠡᠵᠦ᠂ ᠡᠷᠬᠡ ᠶᠢ ᠲᠣᠳᠣᠷᠬᠠᠶᠢᠯᠠᠬᠤ᠂ | ᠡᠷᠬᠡ ᠶᠢ ᠨᠡᠶᠢᠲᠡᠯᠡᠬᠦ᠂ ᠡᠷᠬᠡ ᠶᠢ ᠬᠢᠨᠠᠨ ᠪᠠᠶᠢᠴᠠᠭᠠᠬᠤ᠂ ᠬᠡᠷᠡᠭ ᠶᠠᠪᠤᠳᠠᠯ ᠤᠨ ᠨᠠᠷᠢᠨ ᠲᠠᠩᠰᠠ᠂ ᠬᠠᠷᠢᠭᠤᠴᠠᠯᠭ᠎ᠠ | ᠶᠢᠨ ᠨᠠᠷᠢᠨ ᠲᠠᠩᠰᠠ᠂ ᠴᠤᠪᠤᠷᠠᠯ ᠵᠢᠷᠤᠭ ᠢᠶᠠᠷ ᠳᠠᠮᠵᠢᠭᠤᠯᠤᠨ ᠦᠨᠳᠦᠰᠦᠨ ᠱᠠᠲᠤᠨ ᠤ ᠡᠯ᠎ᠡ ᠲᠥᠷᠥᠯ ᠤᠨ ᠪᠢᠴᠢᠯ | ᠡᠷᠬᠡ ᠶᠢ ᠵᠢᠷᠤᠮᠵᠢᠭᠤᠯᠤᠨ ᠠᠵᠢᠯᠯᠠᠭᠤᠯᠬᠤ ᠲᠣᠭᠲᠠᠴᠠ᠂ ᠢᠯᠡ ᠪᠣᠯᠭᠠᠬᠤ ᠲᠣᠭᠲᠠᠴᠠ ᠪᠠ ᠪᠣᠰᠤᠭ᠎ᠠ ᠴᠣᠭᠴᠠᠲᠤ | ᠬᠢᠨᠠᠯᠲᠠ ᠲᠠᠯᠪᠢᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢ ᠦᠨᠳᠦᠰᠦᠨ ᠱᠠᠲᠤ ᠳᠠᠰᠢ ᠥᠷᠭᠡᠳᠬᠡᠬᠦ ᠶᠢ ᠲᠠᠰᠤᠷᠠᠯᠲᠠ ᠦᠭᠡᠢ ᠠᠬᠢᠭᠤᠯᠪᠠ᠃ | | ᠲᠠᠷᠠᠭᠠᠴᠢ ᠶᠢᠨ ᠠᠯᠬᠤᠮ ᠳᠤ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ ︵ᠲᠠᠯᠠᠪᠠᠶ︶ ᠳᠤ ︽ᠦᠨᠳᠤᠰᠤᠨ ᠱᠠᠳᠤᠨ ᠤ ᠤᠳᠤᠷᠢᠳᠬᠤ | ᠡᠷᠬᠡ︾ ᠳᠤ ᠬᠢᠨᠠᠯᠲᠠ ᠲᠠᠯᠪᠢᠵᠤ ᠬᠢᠵᠠᠭᠠᠷᠯᠠᠬᠤ ᠲᠣᠭᠲᠠᠴᠠ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ︽ᠬᠡᠯᠪᠡᠷᠢ ᠦᠭᠡᠢ︾ ᠪᠠᠶᠢᠭᠰᠠᠨ ᠠᠴᠠ ᠪᠠᠨ ︽ | ᠬᠡᠯᠪᠡᠷᠢ ᠪᠦᠬᠦᠢ︾ ᠪᠣᠯᠵᠤ᠂ ︽ᠬᠡᠯᠪᠡᠷᠢ ᠪᠦᠬᠦᠢ︾ ᠪᠠᠶᠢᠭᠰᠠᠨ ᠠᠴᠠ ᠪᠠᠨ ︽ᠪᠦᠲᠦᠮᠵᠢᠲᠡᠶ︾ ᠪᠣᠯᠵᠤ᠂ ︽ | ᠰᠠᠯᠠᠭ᠎ᠠ ᠮᠥᠴᠢᠷ︾ ᠠᠴᠠ ᠪᠠᠨ ︽ᠦᠵᠦᠭᠦᠷ︾ ᠪᠣᠯᠵᠤ᠂ ᠣᠯᠠᠨ ᠲᠦᠮᠡᠨ ᠤ ᠭᠡᠷ ᠤᠨ ᠡᠭᠦᠳᠡᠨ ᠳᠠᠬᠢ ︽ | ᠬᠢᠨᠠᠯᠲᠠ ᠲᠠᠯᠪᠢᠬᠤ ᠬᠠᠷᠠᠭᠤᠯ︾ ᠢ ᠪᠣᠶ ᠪᠣᠯᠭᠠᠵᠤ᠂ ᠦᠨᠳᠦᠰᠦᠨ ᠱᠠᠲᠤᠨ ᠤ ᠤᠯᠤᠰ ᠲᠥᠷᠥ ᠶᠢᠨ ᠠᠮᠢ ᠠᠬᠤᠢ ᠶᠢ | ᠦᠨᠡᠨ ᠬᠦ ᠴᠡᠪᠡᠷᠰᠢᠭᠦᠯᠦᠨ᠎ᠡ᠃ | |