2023 ᠣᠨ ᠤ ᠬᠤᠰᠢᠭᠤ ᠨᠠᠮ ᠤᠨ ᠬᠤᠷᠢᠶᠠᠨ ᠤ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/28
      11 ᠰᠠᠷ᠎ᠠ ᠶᠢᠨ16 ᠤ ᠡᠳᠦᠷ᠂ ᠮᠠᠨ ᠤ ᠬᠤᠰᠢᠭᠤ 2023 ᠣᠨ ᠤ  ᠬᠤᠰᠢᠭᠤ ᠨᠠᠮ ᠤᠨ ᠬᠤᠷᠢᠶᠠᠨ ᠤ ᠬᠦᠳᠡᠭᠡ ᠲᠤᠰᠬᠤᠨ ᠮᠠᠯᠵᠢᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠭᠰᠡᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠨᠡᠶᠢᠲᠡᠯᠡᠵᠡᠢ᠃      ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠡᠷᠭᠢᠯᠠᠨ ᠶᠠᠷᠢᠶ᠎ᠠ ᠲᠠᠯᠪᠢᠵᠤ᠂ ᠳᠡᠳ᠋ ᠬᠤᠰᠢᠭᠤ ᠳᠠᠷᠤᠭ᠎ᠠ ᠰᠡᠴᠡᠨ ᠬᠤᠷᠠᠯ ᠳᠤ ᠣᠷᠣᠯᠴᠠᠵᠤ ᠠᠵᠢᠯ ᠤᠨ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠵᠢᠭᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠠᠢ ᠬᠤᠯᠪᠣᠭᠳᠠᠵᠤ᠂ ᠲᠤᠶᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ᠂ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠡᠭᠦᠷᠭᠡ ᠪᠣᠯᠭᠠᠨ ᠠᠳᠬᠤᠵᠤ᠂ ᠰᠠᠯᠠᠭ᠎ᠠ ᠮᠥᠴᠢᠷ ᠤᠨ  ᠬᠤᠯᠪᠤᠭᠠᠯᠠᠨ ᠬᠥᠳᠡᠯᠦᠯᠴᠡᠬᠦ᠂ ᠳᠡᠭᠡᠳᠦ ᠳᠣᠣᠷᠠᠳᠤ ᠱᠠᠲᠤ ᠪᠠᠷ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠬᠠᠮᠲᠦᠷᠠᠭᠰᠠᠨ ᠬᠦᠴᠦᠨ ᠢ ᠦᠨᠡᠨᠬᠦ ᠨᠢᠭᠲᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ 2024 ᠣᠨ ᠤ ᠵᠣᠯᠭᠠᠭᠤᠯᠬᠤ ᠲᠥᠷᠥᠯ ᠵᠦᠢᠯ ᠢ ᠬᠥᠮᠥᠷᠭᠡ ᠳᠤ ᠣᠷᠣᠭᠤᠯᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠬᠦᠴᠦᠯᠡᠨ ᠰᠠᠶᠢᠲᠤᠷ ᠬᠢᠵᠦ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠬᠠᠮᠲᠤ ᠶᠢᠨ ᠡᠳ᠋ ᠬᠥᠷᠥᠩᠭᠡ ᠶᠢᠨ ᠪᠦᠷᠢᠳᠬᠡᠨ ᠬᠠᠷᠭᠤᠭᠤᠯᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠭᠤᠣᠯᠳᠠᠯᠭ᠎ᠠ ᠶᠢ ᠡᠵᠡᠮᠳᠡᠵᠦ᠂ ᠮᠠᠯᠵᠢᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠣᠭᠲᠠᠭᠤᠨ ᠢᠶᠠᠷ ᠠᠬᠢᠭᠤᠯᠵᠤ᠂ ᠡᠪᠦᠯᠵᠢᠬᠦ ᠲᠡᠵᠢᠭᠡᠯ ᠡᠪᠡᠰᠦ ᠪᠣᠷᠳᠤᠭ᠎ᠠ ᠶᠢ ᠨᠥᠭᠡᠴᠡᠯᠡᠬᠦ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠭᠠᠴᠠᠭᠠᠨ ᠳᠤ ᠰᠠᠭᠤᠭ᠎ᠠ ᠺᠠᠳ᠋ᠷᠴᠤᠳ ᠤᠨ ᠬᠠᠮᠢᠶᠠᠷᠤᠯᠲᠠ ᠵᠢᠴᠢ ᠲᠠᠩᠰᠠ ᠡᠪᠬᠡᠮᠡᠯ ᠤᠨ ᠮᠠᠲ᠋ᠧᠷᠢᠶᠠᠯ ᠢ ᠴᠤᠭᠯᠠᠭᠤᠯᠤᠨ ᠬᠠᠮᠢᠶᠠᠷᠬᠤ ᠶᠢ ᠰᠠᠶᠢᠲᠤᠷ ᠠᠳᠬᠤᠵᠤ᠂ ᠬᠢᠨᠠᠨ ᠰᠢᠯᠭᠠᠵᠤ ᠦᠨᠡᠯᠡᠨ ᠵᠢᠱᠢᠵᠦ ᠥᠪᠡᠰᠦᠪᠡᠨ ᠪᠠᠶᠢᠴᠠᠭᠠᠬᠤ ᠠᠵᠢᠯ ᠢ ᠴᠢᠩᠭᠠᠳᠬᠠᠵᠤ᠂ ᠳᠡᠭᠡᠳᠦ ᠱᠠᠲᠤᠨ ᠤ ᠬᠢᠨᠠᠨ ᠰᠢᠯᠭᠠᠬᠤ ᠭᠤᠣᠯᠳᠠᠯᠭ᠎ᠠ ᠲᠠᠢ ᠡᠯ᠎ᠡ ᠵᠦᠢᠯ ᠤᠨ ᠭᠦᠢᠴᠡᠳᠬᠡᠯ ᠲᠤᠭ᠎ᠠ ᠢ ᠦᠨᠳᠦᠰᠦᠯᠡᠨ᠂ ᠨᠢᠭᠡ ᠨᠢᠭᠡ ᠪᠠᠷ ᠪᠠᠷᠢᠮᠵᠢᠶ᠎ᠠ ᠲᠠᠢ ᠬᠠᠷᠭᠤᠭᠤᠯᠵᠤ᠂ ᠱᠠᠭᠠᠷᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠠᠵᠢᠯ ᠢ ᠥᠷᠨᠢᠭᠦᠯᠵᠦ᠂ ᠵᠢᠯ ᠤᠨ ᠡᠴᠦᠰ ᠤᠨ ᠪᠠᠶᠢᠴᠠᠭᠠᠯᠲᠠ ᠶᠢ ᠤᠭᠲᠤᠵᠤ ᠪᠠᠶᠢᠴᠠᠭᠠᠬᠤ ᠳᠤ ᠪᠡᠯᠡᠳᠬᠡᠬᠦ ᠠᠵᠢᠯ ᠳᠤ ᠦᠨᠡᠨᠬᠦ ᠭᠦᠢᠴᠡᠳ ᠪᠡᠯᠡᠳᠬᠡᠯ ᠬᠢᠬᠦ ᠬᠡᠷᠡᠭᠲᠡᠢ ᠭᠡᠵᠡᠢ᠃      ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶ᠎ᠠ  ᠶᠢᠨ ᠡᠯ᠎ᠡ ᠬᠡᠯᠲᠡᠰ ᠵᠥᠪᠯᠡᠯ ᠠᠯᠪᠠᠨ ᠭᠡᠷ ᠲᠣᠪᠴᠢᠶ᠎ᠠ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ᠂ ᠬᠤᠰᠢᠭᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠡᠯ᠎ᠡ ᠭᠠᠴᠠᠭᠠᠨ ᠤ ᠱᠦᠵᠢ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号