ᠮᠠᠨ ᠤ ᠬᠤᠰᠢᠭᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/28
      11 ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠠᠯᠮᠠᠰ ᠪᠥᠬᠦ ᠬᠤᠰᠢᠭᠤᠨ ᠤ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ ᠬᠤᠷᠠᠯ ᠳᠤ ᠣᠷᠣᠯᠴᠠᠵᠠᠢ᠃      ᠬᠤᠷᠠᠯ ᠠᠴᠠ ᠮᠠᠨ ᠤ ᠬᠤᠰᠢᠭᠤᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠠᠶᠢᠭᠤᠯᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ ᠪᠠ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠠᠶᠢᠭᠤᠯᠬᠤ 5 ᠲᠤᠰᠬᠠᠢ ᠲᠦᠷᠦᠯ ᠤᠨ ᠳᠤᠭᠤᠶᠢᠯᠠᠩ ᠤᠨ ᠠᠵᠢᠯ ᠤᠨ ᠥᠷᠨᠢᠭᠰᠡᠨ ᠪᠠᠶᠢᠳᠠᠯ ᠢ ᠳᠠᠷᠠᠭᠠᠯᠠᠨ ᠰᠣᠨᠣᠰᠬᠤ ᠶᠢᠨ ᠬᠠᠮᠲᠤ ︽ᠲᠠᠪᠤᠨ ᠶᠡᠭᠡ ᠡᠭᠦᠷᠭᠡ︾ ᠶᠢᠨ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃      ᠬᠤᠷᠠᠯ ᠠᠴᠠ ᠵᠢᠭᠠᠬᠤ ᠳᠠᠭᠠᠨ᠂ ︽ᠲᠠᠪᠤᠨ ᠶᠡᠭᠡ ᠡᠭᠦᠷᠭᠡ︾ ᠪᠣᠯ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠠᠵᠢᠯᠯᠠᠭᠠᠨ ᠤ ᠬᠥᠲᠥᠯᠪᠦᠷᠢ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠪᠥᠬᠦ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠨ ᠦᠢᠯᠡᠴᠢᠯᠡᠨ᠂ ᠪᠥᠬᠦ ᠠᠶᠢᠮᠠᠭ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠳᠤ ᠦᠢᠯᠡᠴᠢᠯᠡᠬᠦ ᠥᠨᠳᠥᠷᠴᠡ ᠠᠴᠠ ᠡᠭᠦᠰᠴᠦ᠂ ᠠᠵᠢᠯ ᠤᠨ ᠬᠠᠮᠲᠤ ᠶᠢᠨ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠤᠨ᠂ ︽ᠲᠠᠪᠤᠨ ᠶᠡᠭᠡ ᠡᠭᠦᠷᠭᠡ︾ ᠶᠢᠨ ᠣᠨ ᠤ ᠬᠠᠷᠠᠯᠲᠠ ᠶᠢ ᠥᠨᠳᠥᠷ ᠪᠠᠷᠢᠮᠵᠢᠶ᠎ᠠ ᠪᠠᠷ ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠲᠠᠪᠤᠨ ᠶᠡᠭᠡ ᠡᠭᠦᠷᠭᠡ︾ ᠶᠢ ᠮᠠᠨ ᠤ ᠬᠤᠰᠢᠭᠤᠨ ᠳᠤ ᠨᠠᠶᠢᠳᠠᠪᠤᠷᠢᠵᠢᠭᠤᠯᠵᠤ᠂ ᠪᠣᠳᠠᠲᠠᠢ ᠠᠵᠢᠯᠯᠠᠭ᠎ᠠ ᠪᠠᠷ ᠢᠶᠠᠨ ᠬᠡᠷᠡᠭᠵᠢᠭᠦᠯᠦᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠪᠣᠯᠣᠨ ᠡᠯ᠎ᠡ ᠲᠤᠰᠬᠠᠢ ᠠᠵᠢᠯ ᠤᠨ ᠳᠤᠭᠤᠶᠢᠯᠠᠩ ᠤᠨ ᠬᠢᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠠᠬᠢᠴᠠ ᠶᠢ ᠨᠠᠷᠢᠨ ᠬᠢᠨᠠᠮᠠᠭᠠᠢ ᠡᠮᠬᠢᠯᠡᠨ ᠰᠤᠳᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠳᠠᠰᠤᠷᠠᠯᠳᠠ ᠦᠭᠡᠢ ᠨᠠᠷᠢᠯᠢᠭᠵᠢᠭᠤᠯᠵᠤ᠂ ᠬᠥᠳᠡᠯᠦᠩᠭᠦᠢ ᠮᠥᠷᠳᠡᠯᠲᠡ ᠪᠠᠨ ᠴᠢᠩᠭᠠᠳᠬᠠᠵᠤ᠂ ᠬᠢᠨᠠᠨ ᠰᠢᠯᠭᠠᠵᠤ ᠬᠢᠨᠠᠨ ᠵᠢᠯᠤᠭᠤᠳᠬᠤ ᠪᠠᠨ ᠴᠢᠩᠭᠠᠳᠬᠠᠵᠤ᠂ ᠠᠵᠢᠯ ᠤᠨ ᠶᠠᠰᠤ ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠲᠠᠪᠤᠨ ᠶᠡᠭᠡ ᠡᠭᠦᠷᠭᠡ︾ ᠶᠢ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠪᠡ᠃   ᠬᠤᠰᠢᠭᠤ ᠲᠠᠪᠤᠨ ᠶᠡᠭᠡ ᠡᠭᠦᠷᠭᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠡᠯ᠎ᠡ ᠲᠤᠰᠬᠠᠢ ᠳᠤᠭᠤᠶᠢᠯᠠᠩ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号