ᠮᠤᠩᠭᠤᠯ ᠰᠢᠳᠠᠷ᠎ᠠ ᠬᠢᠬᠡᠳ ᠤᠯᠠᠮᠵᠢᠯᠠᠯᠲᠤ ᠰᠤᠶᠤᠯ
ᠨᠡᠶᠢᠲᠡᠯᠡᠭᠰᠡᠨ ᠴᠠᠭ᠄
2023/11/30
      ᠮᠤᠩᠭᠤᠯ ᠰᠢᠳᠠᠷ᠎ᠠ ᠪᠤᠯ ᠲᠤᠭᠯᠠᠭᠠᠮ ᠤᠨ ᠲᠤᠮᠳᠡᠬᠢ ᠬᠠᠭᠠᠨ ᠬᠡᠮᠡᠨ ᠠᠯᠳᠠᠷᠰᠢᠭᠰᠠᠨ ᠮᠤᠩᠭᠤᠯ ᠦᠨᠳᠦᠰᠦᠳᠡᠨ ᠤ ᠰᠤᠳᠤᠨ ᠰᠢᠯᠢᠳᠡᠭ ᠰᠤᠶᠤᠯ ᠤᠨ ᠦᠪ ᠲᠠᠯᠠᠰᠳᠤ ᠮᠦᠨ᠃ ᠮᠤᠩᠭᠤᠯ ᠰᠢᠳᠠᠷ᠎ᠡ ᠲᠤᠬᠯᠠᠬᠤ ᠨᠢ ᠭᠡᠤᠭᠡᠳ ᠤᠨ ᠯᠤᠭᠢᠭ ᠰᠠᠤᠭᠢᠭᠦᠢ ᠶᠢᠨ ᠴᠢᠳᠠᠪᠤᠷᠢ ᠶᠢ ᠲᠡᠭᠡᠭᠰᠢᠯᠡᠭᠦᠯᠵᠤ᠂ ᠭᠡᠤᠭᠡᠳ ᠤᠨ ᠠᠩᠬᠠᠷᠤᠯ ᠢᠶᠠᠨ ᠲᠦᠪᠯᠡᠷᠡᠭᠦᠯᠦᠨ ᠰᠡᠳᠭᠢᠨ ᠪᠤᠳᠤᠬᠤ ᠵᠢᠴᠢ ᠤᠭᠢ ᠰᠠᠶᠢᠨ ᠵᠠᠩ ᠠᠷᠠᠨᠰᠢᠨ ᠤ ᠲᠤᠬᠳᠠᠪᠦᠷᠢᠵᠢᠯᠳᠡ ᠶᠢ ᠪᠦᠷᠢᠯᠳᠦᠭᠦᠯᠭᠦ ᠳᠤ ᠲᠤᠰᠡᠳᠡᠢ ᠪᠠᠶᠢᠳᠠᠭ᠃      ᠮᠤᠩᠭᠤᠯ ᠰᠢᠳᠠᠷ᠎ᠡ ᠶᠢ ᠰᠤᠷᠭᠠᠭᠤᠯᠢ ᠶᠢᠨ ᠭᠦᠷᠢᠶᠡᠨ ᠳᠤ ᠤᠷᠤᠭᠤᠯᠤᠬᠰᠡᠨ ᠨᠢ᠂ ᠮᠤᠩᠭᠤᠯ ᠰᠢᠳᠠᠷ᠎ᠡ ᠶᠢᠨ ᠲᠦᠭᠡᠮᠡᠯᠵᠢᠯᠳᠡ ᠶᠢ ᠠᠭᠢᠭᠤᠯᠤᠬᠰᠡᠨ ᠢᠶᠠᠷ ᠪᠠᠷᠠᠬᠤ ᠦᠭᠡᠢ ᠮᠠᠰᠢ ᠤᠯᠡᠨ ᠭᠡᠷ ᠤᠨ ᠠᠬᠠᠮᠠᠳ ᠤᠨ ᠬᠠᠯᠠᠭᠤᠨ ᠭᠦᠷᠢᠶᠡᠯᠡᠯ ᠢ ᠤᠯᠤᠬᠰᠡᠨ ᠪᠠᠶᠢᠨ᠎ᠡ᠃ ᠤᠳᠤᠬᠠᠨ ᠳᠤ ᠮᠤᠩᠭᠤᠯ ᠰᠢᠳᠠᠷ᠎ᠡ ᠶᠢ ᠦᠪᠤᠷ ᠮᠤᠩᠭᠤᠯ ᠤᠨ ᠦᠨᠳᠦᠰᠦᠳᠡᠨ ᠤ ᠭᠡᠤᠭᠡᠳ ᠤᠨ ᠴᠡᠴᠡᠷᠯᠢᠭ ᠤᠨ ᠪᠠᠭᠰᠢ ᠶᠢᠨ ᠲᠤᠰᠬᠠᠢ ᠮᠡᠷᠭᠡᠵᠢᠯ ᠤᠨ ᠲᠡᠭᠡᠳᠤ ᠰᠤᠷᠭᠠᠭᠤᠯᠢ ᠶᠢᠨ ᠵᠠᠪᠠᠯ ᠰᠤᠷᠬᠤ ᠭᠢᠴᠢᠶᠡᠯ ᠪᠤᠯᠭᠠᠬᠰᠡᠨ ᠨᠢ ᠪᠠᠶᠠᠷ ᠤᠨ ᠴᠢᠮᠡᠭᠡ ᠪᠤᠯᠵᠤ ᠪᠠᠶᠢᠨ᠎ᠡ᠃ ᠡᠨᠡ ᠨᠢ ᠲᠠᠷᠤᠢ ᠮᠤᠩᠭᠤᠯ ᠰᠢᠳᠠᠷ᠎ᠡ ᠶᠢᠨ ᠰᠤᠶᠤᠯ ᠢ ᠤᠯᠠᠮᠵᠢᠯᠡᠨ ᠵᠠᠯᠭᠠᠮᠵᠢᠯᠠᠬᠤ ᠰᠢᠯᠢᠳᠡᠭ ᠪᠠᠭᠰᠢ ᠶᠢᠨ ᠡᠩᠨᠡᠭᠡ ᠶᠢ ᠪᠤᠢ ᠪᠤᠯᠭᠠᠬᠤ ᠵᠠᠰᠠᠭ ᠤᠨ ᠲᠠᠯ᠎ᠡ ᠶᠢᠨ ᠤᠷᠤᠯᠳᠤᠯᠭ᠎ᠠ ᠶᠢ ᠭᠦᠢᠴᠡᠳ ᠬᠠᠷᠠᠭᠤᠯᠵᠤ ᠪᠤᠢ᠃      ᠮᠤᠩᠭᠤᠯ ᠰᠢᠳᠠᠷ᠎ᠡ ᠶᠢᠨ ᠰᠤᠶᠤᠯ ᠢ ᠦᠷᠭᠡᠨ ᠭᠡᠪᠴᠢᠶ᠎ᠡ ᠪᠠᠷ ᠲᠦᠭᠡᠮᠡᠯᠵᠢᠭᠦᠯᠵᠤ᠂ ᠰᠢᠯᠢᠳᠡᠭ ᠮᠤᠩᠭᠤᠯ ᠰᠢᠳᠠᠷ᠎ᠡ ᠶᠢᠨ ᠪᠠᠭᠰᠢ ᠶᠢ ᠭᠦᠮᠦᠵᠢᠭᠦᠯᠵᠤ᠂ ᠦᠨᠳᠦᠰᠦᠳᠡᠨ ᠤ ᠰᠤᠶᠤᠯ ᠤᠨ ᠦᠪ ᠢᠶᠠᠨ ᠦᠷ᠎ᠡ ᠭᠡᠤᠭᠡᠤᠨ ᠲᠡᠭᠡᠨ ᠬᠠᠷᠠᠬᠠᠨ ᠪᠠᠭ᠎ᠠ ᠠᠴᠠ ᠨᠢ ᠵᠠᠯᠭᠠᠮᠵᠢᠯᠡᠨ ᠰᠤᠷᠭᠠᠬᠤ ᠶᠠᠪᠤᠳᠠᠯ ᠪᠤᠯ ᠭᠦᠮᠦᠨ ᠪᠦᠭᠦᠨ ᠢ ᠪᠠᠶᠠᠷᠯᠠᠭᠤᠯᠬᠤ ᠶᠠᠪᠤᠳᠠᠯ ᠪᠤᠯᠬᠤ ᠶᠤᠮ᠃
 
ᠢᠷᠡᠯᠲᠡ᠄ ᠬᠦᠪᠡᠭᠡᠲᠦ ᠰᠢᠷ᠎ᠠ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号