ᠮᠠᠨᠳᠤᠬᠤᠪᠤᠯᠠᠭ ᠪᠠᠯᠭᠠᠰᠤᠨ ᠤ ᠬᠤᠯᠪᠤᠭ᠎ᠠ ᠭᠠᠴᠠᠭ᠎ᠠ ᠮᠠᠯᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
      2023 ᠣᠨ ᠤ 11 ᠰᠠᠷ᠎ᠠ ᠶᠢᠨ 15 ᠤ ᠡᠳᠦᠷ᠂ ᠮᠠᠨᠳᠤᠬᠤᠪᠤᠯᠠᠭ ᠪᠠᠯᠭᠠᠰᠤᠨ ᠤ ᠬᠤᠯᠪᠤᠭ᠎ᠠ ᠭᠠᠴᠠᠭ᠎ᠠ ᠮᠠᠯᠴᠢᠳ ᠤᠨ ᠶᠡᠭᠡ ᠬᠤᠷᠠᠯ ᠬᠤᠷᠠᠯᠳᠤᠭᠤᠯᠵᠤ᠂ ᠬᠤᠷᠠᠯ ᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠡᠷᠭᠢᠯᠡᠵᠦ᠂ ᠪᠠᠯᠭᠠᠰᠤᠨ ᠤ ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠭᠡᠰᠢᠬᠦᠳ᠂ ᠬᠢᠨᠠᠯᠲᠠ ᠲᠠᠯᠪᠢᠬᠤ ᠵᠥᠪᠯᠡᠯ ᠤᠨ ᠭᠡᠰᠢᠬᠦᠳ᠂ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢᠨ ᠬᠡᠷᠡᠭ ᠮᠡᠳᠡᠭᠴᠢᠳ ᠤᠨ ᠵᠥᠪᠯᠡᠯ ᠤᠨ ᠭᠡᠰᠢᠬᠦᠳ ᠵᠢᠴᠢ ᠮᠠᠯᠴᠢᠨ ᠡᠷᠦᠬᠡ ᠶᠢᠨ ᠲᠥᠯᠥᠭᠡᠯᠡᠭᠴᠢ 30 ᠭᠠᠷᠤᠢ ᠬᠥᠮᠥᠨ ᠬᠤᠷᠠᠯ ᠳᠤ ᠣᠷᠣᠯᠴᠠᠵᠠᠢ᠃      ᠬᠤᠷᠠᠯ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠠᠴᠠ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠵᠢᠴᠢ ᠮᠠᠯᠴᠢᠨ ᠡᠷᠦᠬᠡ ᠶᠢᠨ ᠦᠨᠡᠨ ᠪᠣᠳᠠᠲᠠᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠬᠠᠤᠯᠢ ᠲᠣᠭᠲᠠᠭᠠᠯ ᠢ ᠤᠯᠠᠮᠵᠢᠯᠠᠨ ᠤᠬᠠᠭᠤᠯᠤᠨ ᠲᠠᠶᠢᠯᠪᠤᠷᠢᠯᠠᠵᠤ᠂ 2023 ᠣᠨ ᠤ ᠭᠠᠴᠠᠭᠠᠨ ᠤ ︽ᠬᠤᠶᠠᠷ ᠵᠥᠪᠯᠡᠯ︾ ᠤᠨ ᠠᠵᠢᠯ ᠥᠷᠨᠢᠭᠦᠯᠦᠭᠰᠡᠨ ᠪᠠᠶᠢᠳᠠᠯ᠂ 2023 ᠣᠨ ᠤ ᠪᠥᠬᠦ ᠵᠢᠯ ᠤᠨ ᠭᠠᠴᠠᠭᠠᠨ ᠤ ︽ᠭᠤᠷᠪᠠᠨ ᠶᠠᠪᠤᠳᠠᠯ︾ ᠢ ᠢᠯᠡ ᠪᠣᠯᠭᠠᠭᠰᠠᠨ ᠪᠠᠶᠢᠳᠠᠯ ᠢ ᠬᠠᠷᠢᠭᠤ ᠮᠡᠳᠡᠭᠦᠯᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠪᠥᠬᠦ ᠭᠠᠴᠠᠭᠠᠨ ᠤ ᠮᠠᠯᠴᠢᠳ ᠤᠨ ᠬᠢᠨᠠᠯᠲᠠ ᠲᠠᠯᠪᠢᠯᠲᠠ ᠪᠠ ᠠᠰᠠᠭᠤᠨ ᠯᠠᠪᠯᠠᠯᠲᠠ ᠶᠢ ᠬᠦᠯᠢᠶᠡᠪᠡ᠃      ᠬᠤᠷᠠᠯ ᠳᠤ᠂ ᠭᠠᠴᠠᠭᠠᠨ ᠤ ︽ᠬᠤᠶᠠᠷ ᠵᠥᠪᠯᠡᠯ︾ ᠤᠨ ᠪᠤᠰᠤᠳ ᠭᠡᠰᠢᠬᠦᠳ ᠥᠪᠡᠷ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠠᠵᠢᠯ ᠢᠶᠠᠨ ᠥᠷᠨᠢᠭᠦᠯᠦᠭᠰᠡᠨ ᠪᠠᠶᠢᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢᠨ ᠲᠤᠬᠠᠢ ᠬᠠᠷᠢᠭᠤ ᠮᠡᠳᠡᠭᠦᠯᠦᠯᠲᠡ ᠬᠢᠪᠡ᠃      ᠬᠤᠷᠠᠯ ᠠᠴᠠ ᠡᠮᠦᠨ᠎ᠡ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠨᠠᠮ ᠤᠨ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠵᠡᠷᠭᠡ ᠲᠠᠯᠠᠪᠤᠷ ᠢ ᠲᠤᠬᠠᠢ ᠶᠢᠨ ᠭᠠᠵᠠᠷ  ᠲᠤᠨᠢ ᠪᠠᠶᠢᠴᠠᠭᠠᠨ ᠦᠵᠡᠪᠡ᠃ ᠶᠡᠭᠡ ᠬᠤᠷᠠᠯ ᠢᠶᠠᠷ ᠳᠡᠮᠵᠢᠨ 2024 ᠣᠨ ᠤ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠲᠥᠯᠥᠪᠯᠡᠭᠡ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠠᠰᠢᠭᠯᠠᠨ ᠬᠤᠷᠰᠢᠭᠰᠠᠨ ᠡᠮᠨᠡᠯᠭᠡ ᠶᠢᠨ ᠳᠠᠭᠠᠳᠬᠠᠯ ᠲᠤᠰᠢᠶᠠᠬᠤ ᠵᠡᠷᠭᠡ ᠶᠢ ᠪᠠᠲᠤᠯᠠᠭᠰᠠᠨ ᠪᠥᠭᠡᠳ 2024 ᠣᠨ ᠤ ᠪᠥᠬᠦ ᠲᠠᠯ᠎ᠠ ᠶᠢᠨ ᠠᠵᠢᠯ ᠳᠤ ᠠᠩᠬ᠎ᠠ ᠠᠯᠬᠤᠮ ᠤᠨ ᠲᠥᠯᠥᠪᠯᠡᠭᠡ ᠶᠢᠨ ᠲᠣᠬᠢᠷᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠦᠢᠯᠡᠳᠦᠯ ᠢ ᠪᠠᠳᠠᠷᠠᠭᠤᠯᠵᠤ᠂ ᠡᠷᠦᠬᠡ ᠳᠤ ᠭᠦᠨᠵᠡᠭᠡᠶᠢᠷᠡᠨ ᠤᠬᠠᠭᠤᠯᠬᠤ ᠡᠷᠴᠢᠮ ᠢ ᠴᠢᠩᠭᠠᠷᠠᠭᠤᠯᠤᠨ᠂ ᠬᠠᠷᠢᠶ᠎ᠠ ᠣᠷᠣᠨ ᠤ ᠮᠠᠯᠴᠢᠨ ᠲᠦᠮᠡᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠬᠤ ᠨᠣᠷᠮ᠎ᠠ ᠶᠢ ᠤᠯᠠᠮ ᠨᠢᠭᠡ ᠠᠯᠬᠤᠮ ᠦᠷᠭᠡᠳᠬᠡᠨ᠂ ᠠᠷᠠᠳ ᠲᠤ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠶᠢ ᠡᠷᠦᠬᠡ ᠪᠣᠯᠭᠠᠨ ᠳᠤ ᠮᠡᠳᠡᠭᠦᠯᠵᠦ᠂ ᠬᠥᠮᠥᠰ ᠤᠨ ᠰᠡᠳᠬᠢᠯ ᠳᠤ ᠬᠠᠳᠠᠩᠰᠢᠭᠤᠯᠤᠨ᠂ ᠪᠥᠬᠦ ᠵᠢᠯ ᠤᠨ ᠲᠠᠲᠠᠪᠤᠷᠢᠯᠠᠨ ᠲᠤᠰᠢᠶᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠬᠤᠶᠠᠷ ᠲᠤ᠂ ᠭᠠᠴᠠᠭᠠᠨ ᠤ ᠮᠠᠯᠵᠢᠬᠤ ᠡᠷᠦᠬᠡ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ᠂ ᠬᠠᠳᠤᠯᠠᠩ ᠤᠨ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠵᠤ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠰᠡᠷᠭᠦᠭᠡᠬᠦ ᠠᠵᠢᠯ ᠤᠨ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠮᠠᠯᠴᠢᠳ ᠢ ᠤᠷᠢᠶᠠᠯᠠᠨ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠪᠥᠬᠦ ᠲᠠᠯ᠎ᠠ ᠪᠠᠷ ᠣᠶᠢᠯᠠᠭᠠᠭᠤᠯᠵᠤ᠂ ᠭᠠᠴᠠᠭᠠᠨ ᠤ ︽ᠬᠤᠶᠠᠷ ᠵᠥᠪᠯᠡᠯ︾ ᠢ ᠢᠳᠡᠪᠬᠢᠲᠡᠢ ᠳᠡᠮᠵᠢᠨ ᠬᠠᠷᠢᠯᠴᠠᠨ ᠬᠠᠮᠵᠢᠯᠴᠠᠵᠤ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠦᠯᠬᠦᠮᠳᠡᠨ ᠨᠢᠭᠡᠳᠴᠦ᠂ ᠭᠠᠴᠠᠭᠠᠨ ᠤ ᠪᠥᠬᠦ ᠲᠠᠯ᠎ᠠ ᠶᠢᠨ ᠬᠥᠭᠵᠢᠯᠲᠡ ᠳᠤ ᠥᠪᠡᠷ ᠤᠨ ᠬᠤᠪᠢ ᠨᠡᠮᠡᠷᠢ ᠪᠠᠨ ᠦᠵᠡᠬᠦᠯᠬᠦ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号