ᠮᠠᠨᠳᠤᠬᠤᠪᠤᠯᠠᠭ ᠪᠠᠯᠭᠠᠰᠤ 2023 ᠣᠨ ᠤ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/30
      11 ᠰᠠᠷ᠎ᠠ ᠶᠢᠨ 24 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠮᠠᠨᠳᠤᠬᠤᠪᠤᠯᠠᠭ ᠪᠠᠯᠭᠠᠰᠤ 2023 ᠣᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠢ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠨᠠᠮ ᠤᠨ ᠬᠤᠷᠢᠶᠠᠨ ᠤ ᠤᠨᠤᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠬᠦᠳ ᠬᠤᠷᠠᠯ ᠳᠤ ᠣᠷᠤᠯᠴᠠᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠠᠶᠢᠴᠢᠨ ᠡᠷᠭᠢᠯᠡᠵᠡᠶ᠃      ᠬᠤᠷᠠᠯ ᠳᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠡᠨᠡᠬᠦ ᠴᠢᠬᠤᠯᠠ ᠭᠠᠷᠳᠠᠴᠠ ᠶᠢ ᠰᠠᠶᠢᠲᠤᠷ ᠬᠡᠷᠡᠭᠯᠡᠬᠦ᠂ ᠵᠤᠤ ᠯᠧ ᠵᠢᠢ ᠴᠦᠩᠴᠢᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠶᠠᠷᠢᠶᠠᠨ ᠤ ᠵᠣᠷᠢᠭ ᠰᠠᠨᠠᠭ᠎ᠠ᠂ ᠪᠠᠴᠢᠮ ᠬᠦᠴᠢᠷ ᠵᠣᠪᠠᠨᠢᠯ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠴᠢᠳᠠᠬᠤ︾ ᠠᠴᠠ ︽ᠠᠮᠠᠷᠬᠠᠨ ᠭᠦᠢᠴᠡᠳᠭᠡᠬᠦ︾ ᠪᠣᠯᠭᠠᠨ ᠬᠤᠪᠢᠷᠠᠭᠤᠯᠬᠤ ᠵᠡᠷᠭᠡ ᠠᠭᠤᠯᠭ᠎ᠠ ᠶᠢ ᠲᠥᠪᠯᠡᠷᠡᠭᠦᠯᠦᠨ ᠤᠯᠠᠮᠵᠢᠯᠠᠨ ᠰᠤᠷᠤᠯᠴᠠᠪᠠ᠃ ᠳᠠᠷᠠᠭ᠎ᠠ ᠨᠢ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠬᠦᠳ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠵᠣᠷᠢᠭ ᠰᠠᠨᠠᠭᠠᠨ ᠤ ᠠᠭᠤᠯᠤᠭᠳᠠᠬᠤᠨ᠂ ᠦᠷᠳᠡᠭ ᠤᠨ ᠬᠥᠭᠡᠭᠡᠴᠡᠯᠳᠦᠯ᠂ ᠳᠦᠷᠢᠮ ᠠᠷᠭ᠎ᠠ ᠵᠢᠴᠢ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠣᠯᠢᠯᠴᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠳᠣᠶᠢᠷᠪᠠ ᠦᠨᠳᠦᠰᠦᠨ ᠱᠠᠲᠤᠨ ᠳᠤ ᠪᠠᠭᠤᠯᠭᠠᠬᠤ︾ ᠪᠣᠯ ᠺᠠᠳ᠋ᠷ ᠤᠨ ᠰᠤᠷᠲᠠᠯ ᠢ ᠬᠤᠪᠢᠷᠠᠭᠤᠯᠬᠤ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠶᠢᠨ ᠴᠢᠬᠤᠯᠠ ᠡᠷᠳᠡᠨᠢ ᠮᠥᠨ᠂ ᠪᠡᠷᠬᠡ ᠰᠡᠳᠦᠪ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ ᠪᠦᠲᠦᠮᠵᠢᠲᠡᠶ ᠠᠷᠭ᠎ᠠ ᠮᠥᠨ᠂ ᠵᠥᠷᠢᠴᠡᠯ ᠢ ᠨᠠᠮᠳᠠᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠡᠷᠬᠢᠮ ᠨᠠᠨᠳᠢᠨ ᠡᠳ᠋ ᠪᠠᠶᠠᠯᠢᠭ ᠮᠥᠨ᠃ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠳᠤ ᠠᠭᠤᠯᠤᠭᠳᠠᠵᠤ ᠪᠠᠶᠢᠭ᠎ᠠ ᠠᠷᠠᠳ ᠲᠦᠮᠡᠨ ᠢ ᠳᠡᠭᠡᠳᠦᠯᠡᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠦᠨᠡᠨᠬᠦ ᠡᠵᠡᠮᠳᠡᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠰᠢᠯᠢᠳᠡᠭ ᠰᠤᠷᠲᠠᠯ ᠢ ᠤᠯᠠᠮᠵᠢᠯᠠᠨ ᠪᠠᠳᠠᠷᠠᠭᠤᠯᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠠᠷᠭ᠎ᠠ ᠶᠢ ᠭᠦᠨᠵᠡᠭᠡᠢ ᠦᠢᠯᠡᠳᠦᠯᠭᠡᠵᠢᠭᠦᠯᠦᠨ᠂ ᠦᠨᠳᠦᠰᠦᠨ ᠱᠠᠲᠤᠨ ᠳᠤ ︽ᠪᠡᠶ᠎ᠡ ᠪᠠᠷ ᠢᠶᠠᠨ ᠪᠠᠭᠤᠬᠤ︾ ᠮᠥᠷᠲᠡᠭᠡᠨ ᠨᠠᠩ ᠴᠤ ᠦᠨᠳᠦᠰᠦᠨ ᠱᠠᠲᠤᠨ ᠳᠤ ︽ᠰᠡᠳᠬᠢᠯ ᠢᠶᠠᠷ ᠢᠶᠠᠨ ᠪᠠᠭᠤᠬᠤ︾ ᠬᠡᠷᠡᠭᠲᠡᠢ᠃ ᠰᠡᠳᠬᠢᠯ ᠲᠠᠯᠪᠢᠵᠤ ᠬᠠᠶᠢᠷ᠎ᠠ ᠰᠡᠳᠬᠢᠯᠭᠡ ᠪᠠᠷ ᠢᠶᠠᠨ ᠣᠯᠠᠨ ᠲᠦᠮᠡᠨ ᠳᠤ ᠪᠣᠳᠠᠲᠠᠢ ᠶᠠᠪᠤᠳᠠᠯ ᠰᠠᠶᠢᠨ ᠶᠠᠪᠤᠳᠠᠯ ᠬᠢᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号