ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠤᠭᠤᠷᠢᠭ ᠨᠢ ᠨᠠᠮ ᠤᠨ ᠭᠡᠰᠢᠭᠦᠳ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠶᠠᠷᠢᠯᠴᠠᠬᠤ ᠬᠤᠷᠠᠯ ᠦᠷᠨᠢᠭᠦᠯᠪᠡ
ᠨᠡᠶᠢᠲᠡᠯᠡᠭᠰᠡᠨ ᠴᠠᠭ᠄
2023/11/30
      ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠦᠭᠰᠡᠨ ᠠᠴᠠ ᠨᠠᠰᠢ᠂ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠤᠨ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠲᠤᠭᠤᠰᠢᠯᠠᠭᠤᠯᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤᠯᠠᠨ ᠲᠦᠮᠡᠨ ᠤ ᠳᠡᠷᠭᠡᠳᠡ ᠭᠦᠨᠵᠡᠭᠡᠶᠢᠷᠡᠨ ᠲᠡᠳᠡᠨ ᠤ ᠰᠠᠨᠠᠯ ᠢ ᠰᠣᠨᠣᠰᠴᠤ᠂ ᠤᠯᠠᠨ ᠲᠦᠮᠡᠨ ᠤ ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ  ᠠᠰᠠᠭᠤᠳᠠᠯ ᠢ ᠴᠠᠭ ᠲᠤᠬᠠᠢ  ᠳᠤᠨᠢ ᠪᠦᠲᠦᠮᠵᠢᠲᠡᠢ ᠰᠢᠢᠳᠪᠦᠷᠢᠯᠡᠪᠡ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ ᠠᠬᠢᠭᠤᠯᠬᠤ ᠶᠢᠨ ᠲᠥᠯᠥᠭᠡ 11 ᠰᠠᠷ᠎ᠠ ᠶᠢᠨ 16 ᠤ ᠡᠳᠦᠷ᠂ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠤᠭᠤᠷᠢᠭ ᠨᠢ ᠨᠠᠮ ᠤᠨ  ᠬᠡᠰᠢᠭᠦᠳ ᠤᠨ ᠰᠠᠨᠠᠯ ᠰᠠᠨᠠᠭᠤᠯᠭ᠎ᠠ ᠶᠢ ᠬᠤᠷᠢᠶᠠᠬᠤ ᠶᠠᠷᠢᠯᠴᠠᠬᠤ ᠬᠤᠷᠠᠯ ᠥᠷᠨᠢᠭᠦᠯᠵᠦ᠂ ᠬᠠᠷᠢᠶᠠᠲᠤ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠨᠡᠶᠢᠳᠡ 20 ᠭᠠᠷᠤᠢ ᠬᠥᠮᠥᠨ ᠣᠷᠣᠯᠴᠠᠵᠠᠢ᠃      ᠬᠤᠷᠠᠯ ᠳᠡᠭᠡᠷ᠎ᠡ᠂ ᠤᠯᠠᠨ ᠢᠶᠠᠷ ᠢᠶᠠᠨ ︽ᠰᠠᠨᠠᠯ ᠵᠥᠪᠯᠡᠯᠭᠡ ᠳᠤᠷᠠᠳᠤᠨ ᠠᠷᠭ᠎ᠠ ᠪᠤᠳᠤᠯᠭ᠎ᠠ ᠭᠠᠷᠭᠠᠵᠤ ᠬᠠᠮᠲᠤ ᠶᠢᠨ ᠲᠠᠨᠢᠯᠲᠠ ᠪᠠᠨ ᠨᠡᠮᠡᠭᠳᠡᠭᠦᠯᠦᠨ ᠰᠡᠳᠬᠢᠯ ᠢᠶᠠᠨ ᠨᠢᠭᠡᠳᠬᠡᠵᠦ ᠬᠦᠴᠦᠨ ᠢᠶᠠᠨ ᠬᠠᠮᠲᠤᠳᠬᠠᠨ ᠬᠥᠭᠵᠢᠯᠲᠡ ᠶᠢ ᠡᠷᠢᠯᠬᠢᠯᠡᠨ᠎ᠡ︾ ᠭᠡᠬᠦ ᠭᠤᠣᠯ ᠰᠡᠳᠦᠪ ᠤᠨ ᠲᠣᠭᠤᠷᠢᠨ ᠳᠤ᠂ ᠨᠡᠶᠢᠭᠡᠮ ᠲᠣᠭᠤᠷᠢᠭ ᠤᠨ ᠪᠣᠳᠠᠲᠤ ᠪᠠᠶᠢᠳᠠᠯ ᠵᠢᠴᠢ ᠡᠳᠦᠷ ᠳᠤᠳᠤᠮ ᠤᠨ ᠠᠵᠢᠯ ᠠᠮᠢᠳᠤᠷᠠᠯ ᠤᠨ ᠪᠠᠶᠢᠳᠠᠯ᠂ ᠦᠨᠳᠦᠰᠦᠨ ᠱᠠᠲᠤᠨ ᠤ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠤ ᠣᠨᠴᠠ ᠴᠢᠳᠠᠪᠤᠷᠢ ᠶᠢ ᠬᠡᠷᠬᠢᠨ ᠨᠡᠩ ᠰᠠᠶᠢᠲᠤᠷ ᠪᠠᠳᠠᠷᠠᠭᠤᠯᠵᠤ ᠨᠡᠶᠢᠭᠡᠮ ᠲᠣᠭᠤᠷᠢᠭ ᠲᠤ ᠦᠢᠯᠡᠴᠢᠯᠡᠬᠦ ᠵᠡᠷᠭᠡ ᠬᠤᠯᠪᠣᠭᠳᠠᠯ ᠪᠦᠬᠦᠢ ᠠᠰᠠᠭᠤᠳᠠᠯ ᠲᠠᠢ ᠤᠶᠠᠯᠳᠤᠭᠤᠯᠤᠨ ᠶᠠᠷᠢᠯᠴᠠᠵᠤ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠰᠠᠨᠠᠭᠤᠯᠭ᠎ᠠ ᠳᠤ ᠢᠳᠡᠪᠬᠢᠲᠡᠢ ᠪᠠᠷ ᠠᠷᠭ᠎ᠠ   ᠪᠤᠳᠤᠯᠭ᠎ᠠ ᠭᠠᠷᠭᠠᠪᠠ᠃      ︽ᠨᠡᠶᠢᠭᠡᠮ ᠲᠣᠭᠤᠷᠢᠭ ᠤᠨ ︽ᠬᠤᠶᠠᠷ ᠵᠥᠪᠯᠡᠯ︾ ᠤᠨ ᠪᠠᠭ ᠤᠨ ᠬᠢᠨ ᠣᠯᠠᠨ ᠲᠠᠯ᠎ᠠ᠂ ᠣᠯᠠᠨ ᠳᠡᠰ ᠳᠠᠪᠬᠤᠷᠭ᠎ᠠ ᠪᠠᠷ ᠰᠠᠭᠤᠭᠠᠯᠢ ᠠᠷᠠᠳ ᠤᠨ ᠭᠡᠷ ᠲᠤ ᠭᠦᠨᠵᠡᠭᠡᠶᠢᠷᠡᠵᠦ᠂ ᠤᠯᠠᠨ ᠲᠦᠮᠡᠨ ᠤ ᠪᠠᠴᠢᠮ ᠲᠤᠯᠭᠠᠮ᠎ᠠ ᠵᠣᠪᠠᠭᠤᠷᠢ ᠵᠦᠳᠡᠭᠦᠷᠢ᠂ ᠪᠤᠳᠤᠯ ᠰᠠᠨᠠᠭ᠎ᠠ ᠶᠢ ᠣᠶᠢᠯᠠᠭᠠᠵᠤ᠂ ᠢᠯᠠᠩᠭᠤᠶ᠎ᠠ ᠠᠵᠢᠯ ᠳᠤ ᠪᠠᠶᠢᠭ᠎ᠠ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠠᠮ ᠤᠨ ᠭᠡᠰᠢᠭᠦᠨ ᠤ ᠬᠦᠴᠦᠨ ᠢ ᠲᠠᠶᠢᠴᠢᠯᠠᠨ ᠬᠠᠷᠢᠶ᠎ᠠ ᠣᠷᠣᠨ ᠤ ᠪᠠᠨ ᠬᠦᠴᠢᠷᠳᠡᠯᠲᠡᠢ ᠤᠯᠠᠨ ᠲᠦᠮᠡᠨ ᠳᠤ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ ᠪᠠ ᠬᠠᠪᠰᠤᠷᠤᠯᠭ᠎ᠠ ᠦᠵᠡᠭᠦᠯᠵᠦ᠂ ᠭᠠᠷ ᠦᠵᠦᠭᠦᠷ ᠤᠨ ᠪᠠᠭ᠎ᠠ ᠶᠠᠪᠤᠳᠠᠯ ᠤᠳ ᠢ ᠰᠠᠶᠢᠲᠤᠷ ᠬᠢᠵᠦ ᠬᠤᠷᠠᠮᠳᠤᠭᠤᠯᠬᠤ ᠨᠢ ᠳᠠᠷᠤᠢ ᠤᠯᠠᠨ ᠲᠦᠮᠡᠨ ᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠠᠶᠢᠲᠤᠷ ᠰᠢᠢᠳᠪᠦᠷᠢᠯᠡᠵᠦ ᠥᠭᠬᠦ ᠶᠠᠪᠤᠳᠠᠯ ᠪᠣᠯᠣᠨ᠎ᠠ︾ ᠭᠡᠵᠦ ᠠᠬᠠᠮᠠᠳ ᠨᠠᠮ ᠤᠨ ᠭᠡᠰᠢᠭᠦᠨ ᠮᠠ ᠹᠦ᠋ ᠨᠥᠬᠦᠷ ᠬᠡᠯᠡᠪᠡ᠃      ᠨᠠᠮ ᠤᠨ ᠭᠡᠰᠢᠭᠦᠨ ᠬᠤᠤ ᠢᠦᠢ ᠯᠠᠨ ᠨᠥᠬᠦᠷ ᠨᠡᠶᠢᠭᠡᠮ ᠲᠣᠭᠤᠷᠢᠭ ᠤᠨ ᠠᠵᠢᠯ ᠤᠨ ᠲᠤᠬᠠᠢ ᠥᠪᠡᠷ ᠤᠨ ᠦᠵᠡᠯᠲᠡ ᠪᠠᠨ ᠠᠭᠤᠵᠢᠷᠠᠲᠠᠯ᠎ᠠ ᠶᠠᠷᠢᠪᠠ᠃ ᠲᠡᠷᠡ᠄ ︽ᠨᠡᠶᠢᠭᠡᠮ ᠲᠣᠭᠤᠷᠢᠭ ᠤᠨ ᠨᠠᠮ ᠤᠨ ᠡᠭᠦᠷ ᠨᠢ ᠡᠳᠦᠷ ᠳᠤᠳᠤᠮ ᠤᠨ ᠠᠵᠢᠯ ᠳᠤᠮᠳᠠ ᠪᠠᠨ ᠤᠯᠠᠨ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠲᠣᠭᠲᠠᠮᠠᠯ ᠬᠤᠭᠤᠴᠠᠭ᠎ᠠ ᠲᠠᠢ ᠪᠠᠷ ᠡᠷᠦᠬᠡ ᠳᠤ ᠬᠦᠷᠴᠦ ᠰᠤᠷᠪᠤᠯᠵᠢᠯᠠᠬᠤ᠂ ᠰᠤᠷᠤᠯᠭ᠎ᠠ ᠪᠠᠨ ᠭᠡᠷ ᠲᠤᠨᠢ ᠬᠦᠷᠭᠡᠬᠦ᠂ ᠰᠠᠶᠢᠨ ᠳᠤᠷ᠎ᠠ ᠶᠢᠨ ᠦᠢᠯᠡᠴᠢᠯᠡᠭᠡ᠂ ᠬᠠᠶᠢᠷ᠎ᠠ ᠬᠠᠯᠠᠮᠵᠢ ᠶᠢᠨ ᠲᠣᠬᠤᠨᠢᠭᠤᠯᠤᠯ᠂ ᠨᠡᠭᠦᠳᠡᠯ ᠨᠠᠮ ᠤᠨ ᠭᠡᠰᠢᠭᠦᠨ ᠳᠤ ᠰᠤᠷᠤᠯᠴᠠᠬᠤ ᠮᠠᠲ᠋ᠧᠷᠢᠶᠠᠯ ᠢᠯᠡᠭᠡᠬᠦ ᠵᠡᠷᠭᠡ ᠠᠵᠢᠯ ᠢ ᠥᠷᠨᠢᠭᠦᠯᠬᠦ ᠪᠠᠷ ᠳᠠᠮᠵᠢᠭᠤᠯᠵᠤ᠂ ᠨᠠᠮ ᠤᠨ ᠭᠡᠰᠢᠭᠦᠳ ᠲᠤ ᠨᠡᠶᠢᠭᠡᠮ ᠲᠣᠭᠤᠷᠢᠭ ᠤᠨ ᠬᠠᠯᠠᠮᠵᠢᠯᠠᠯ ᠪᠠ ᠬᠠᠶᠢᠷ᠎ᠠ ᠬᠠᠯᠠᠮᠵᠢ ᠶᠢ ᠬᠦᠷᠭᠡᠳᠡᠭ ᠨᠡᠶᠢᠭᠡᠮ ᠲᠣᠭᠤᠷᠢᠭ ᠤᠨ ᠠᠵᠢᠯᠲᠠᠳ ᠤᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ︾ ᠭᠡᠵᠦ ᠬᠡᠯᠡᠪᠡ᠃ ᠡᠭᠦᠨ ᠤ ᠬᠠᠮᠲᠤ᠂ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠬᠤᠶᠢᠰᠢᠳᠠ  ᠶᠢᠨ ᠠᠮᠢᠳᠤᠷᠠᠯ ᠳᠤᠮᠳᠠ ᠪᠠᠨ ᠴᠤ ᠪᠡᠶ᠎ᠡ ᠪᠠᠷ  ᠢᠶᠠᠨ ᠬᠡᠪ ᠳᠦᠷᠢᠮ ᠪᠣᠯᠵᠤ᠂ ᠰᠠᠨᠠᠭᠠᠴᠢᠯᠠᠭ᠎ᠠ ᠠᠴᠠ ᠪᠠᠨ ᠲᠦᠷᠦᠭᠦᠯᠡᠨ᠂ ᠢᠯᠡᠭᠦᠬᠡᠨ ᠰᠤᠷᠤᠯᠴᠠᠵᠤ᠂ ᠥᠪᠡᠷ   ᠢ ᠪᠠᠨ ᠢᠯᠡᠭᠦᠬᠡᠨ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠰᠤᠷᠤᠯᠴᠠᠯᠭ᠎ᠠ  ᠶᠢᠨ ᠠᠵᠢᠯᠯᠠᠭ᠎ᠠ ᠳᠤ ᠢᠳᠡᠪᠬᠢᠲᠡᠢ ᠣᠷᠣᠯᠴᠠᠨ᠎ᠠ ᠭᠡᠵᠦ ᠢᠯᠡᠷᠬᠡᠶᠢᠯᠡᠵᠡᠢ᠃      ᠠᠬᠠᠮᠠᠳ ᠨᠠᠮ ᠤᠨ ᠭᠡᠰᠢᠭᠦᠨ ᠦ᠋ ᠱᠠᠩ ᠭᠥᠸᠧ ᠨᠥᠬᠦᠷ᠄ ︽ᠨᠠᠮ ᠤᠨ ᠤᠨᠤᠯ ᠢ ︿ᠰᠤᠷᠬᠤ ᠳᠤ ᠬᠢᠵᠠᠭᠠᠷ ᠦᠭᠡᠢ ᠶᠤᠮ﹀᠂ ᠬᠤᠶᠢᠰᠢᠳᠠ ᠪᠢᠳᠡ ᠪᠠᠰᠠ ᠰᠤᠷᠤᠯᠴᠠᠯᠭ᠎ᠠ ᠪᠠ ᠠᠵᠢᠯ ᠢ ᠤᠶᠠᠯᠳᠤᠭᠤᠯᠵᠤ᠂ ᠡᠳᠦᠷ ᠲᠤᠳᠤᠮ ᠤᠨ ᠠᠮᠢᠳᠤᠷᠠᠯ ᠪᠠ ᠠᠵᠢᠯ ᠤᠨ ᠳᠤᠮᠳᠠᠬᠢ ᠬᠡᠰᠡᠭ ᠪᠤᠰᠠᠭ ᠴᠠᠭ ᠢ ᠭᠦᠢᠴᠡᠳ ᠠᠰᠢᠭᠯᠠᠨ ᠰᠤᠷᠤᠯᠴᠠᠬᠤ ᠬᠡᠷᠡᠭᠲᠡᠢ᠂ ᠥᠨᠥᠳᠥᠷ ᠤᠨ ᠰᠠᠨᠠᠯ ᠵᠥᠪᠯᠡᠯᠭᠡ ᠳᠤᠷᠠᠳᠤᠨ ᠠᠷᠭ᠎ᠠ ᠪᠤᠳᠤᠯᠭ᠎ᠠ ᠭᠠᠷᠭᠠᠬᠤ ᠠᠵᠢᠯᠯᠠᠭ᠎ᠠ ᠶᠢ ᠮᠠᠰᠢ ᠰᠠᠶᠢᠨ ᠬᠢᠭᠰᠡᠨ ᠢᠶᠠᠷ ᠮᠠᠨ ᠤ ᠠᠬᠠᠮᠠᠳ ᠨᠠᠮ ᠤᠨ ᠭᠡᠰᠢᠭᠦᠨ ᠳᠤ ᠴᠦ ᠭᠡᠷᠡᠯ ᠭᠢᠯᠪᠠᠭ᠎ᠠ ᠪᠠᠨ ᠰᠠᠴᠤᠷᠠᠭᠤᠯᠬᠤ ᠵᠠᠪᠰᠢᠶᠠᠨ ᠢ ᠣᠯᠭᠤᠭᠰᠠᠨ ᠪᠠᠶᠢᠨ᠎ᠠ︾ ᠭᠡᠵᠦ ᠬᠡᠯᠡᠭᠰᠡᠨ ᠪᠠᠶᠢᠨ᠎ᠠ᠃      ᠲᠣᠰ ᠤᠳᠠᠭᠠᠨ ᠤ ᠰᠠᠨᠠᠯ ᠵᠥᠪᠯᠡᠯᠭᠡ ᠳᠤᠷᠠᠳᠤᠨ ᠠᠷᠭ᠎ᠠ ᠪᠤᠳᠤᠯᠭ᠎ᠠ ᠭᠠᠷᠭᠠᠬᠤ ᠠᠵᠢᠯᠯᠠᠭ᠎ᠠ ᠨᠢ ᠬᠠᠷᠢᠶᠠᠲᠤ ᠣᠷᠣᠨ ᠤ ᠨᠠᠮ ᠤᠨ ᠭᠡᠰᠢᠭᠦᠨ ᠣᠯᠠᠨ ᠲᠦᠮᠡᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠵᠤ ᠂ ᠨᠡᠶᠢᠭᠡᠮ ᠲᠣᠭᠤᠷᠢᠭ ᠤᠨ ᠬᠤᠶᠢᠰᠢᠳᠠ ᠠᠷᠠᠳ ᠣᠯᠠᠨ ᠳᠤ ᠨᠠᠩ ᠰᠠᠶᠢᠨ ᠦᠢᠯᠡᠴᠢᠯᠡᠬᠦ ᠳᠤ ᠴᠢᠭᠯᠡᠯ ᠢ ᠬᠠᠩᠭᠠᠵᠤ᠂ ᠣᠯᠠᠨ ᠲᠦᠮᠡᠨ ᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠤᠯᠢᠶᠠᠰᠤᠲᠠᠢ ᠪᠠᠯᠭᠠᠰᠤᠨ ᠤ ᠰᠠᠭᠠᠮᠠᠢ ᠨᠡᠶᠢᠭᠡᠮ ᠲᠣᠭᠤᠷᠢᠭ ᠤᠨ ᠬᠢᠨ ᠦᠷᠭᠦᠯᠵᠢᠯᠡᠨ ᠰᠢ ᠶᠢᠨ ᠫᠢᠩ ᠶᠢᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠠᠯ᠎ᠠ ᠪᠠᠷ᠂ ᠪᠦᠬᠦ ᠲᠠᠯ᠎ᠠ ᠪᠠᠷ ᠨᠠᠮ ᠤᠨ ᠭᠡᠰᠢᠭᠦᠨ᠂ ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠬᠤᠷᠢᠶᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠲᠣᠭᠤᠷᠢᠭ ᠤᠨ ᠴᠢᠨᠠᠷ ᠰᠠᠶᠢᠲᠠᠢ ᠦᠢᠯᠡᠴᠢᠯᠡᠭᠡᠨ ᠤ ᠰᠢᠨ᠎ᠡ ᠬᠠᠭᠤᠳᠠᠰᠤ ᠶᠢ ᠲᠠᠰᠤᠷᠠᠯᠳᠡ ᠦᠭᠡᠢ ᠪᠢᠴᠢᠭᠯᠡᠨ᠎ᠡ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号