ᠣᠯᠢᠶᠠᠰᠤᠲᠠᠢ ᠪᠠᠯᠭᠠᠰᠤ ᠶᠢᠨ ᠡᠷᠢᠶᠡᠨᠭᠤᠪᠢ ᠨᠡᠶᠢᠭᠡᠮ ᠲᠣᠭᠤᠷᠢᠭ ᠪᠣᠯᠣᠨ ᠡᠷᠡᠭᠦᠯ ᠬᠠᠮᠠᠭᠠᠯᠠᠯ ᠤᠨ ᠬᠤᠷᠢᠶ᠎ᠠ ᠬᠠᠮᠲᠤᠷᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/11/6
      ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠠᠶᠢᠷᠠᠯᠠᠵᠤ᠂ ᠨᠠᠰᠤᠲᠠᠨ ᠢᠶᠠᠨ ᠬᠦᠨᠳᠦᠯᠡᠬᠦ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠬᠠᠷᠢᠶ᠎ᠠ ᠣᠷᠤᠨ  ᠤ ᠪᠠᠨ ᠰᠠᠭᠤᠭᠠᠯᠢ ᠠᠷᠠᠳ ᠤᠨ ᠠᠮᠢᠳᠤᠷᠠᠯ  ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 23 ᠤ ᠡᠳᠦᠷ᠂ ᠣᠯᠢᠶᠠᠰᠤᠲᠠᠢ ᠪᠠᠯᠭᠠᠰᠤ ᠶᠢᠨ ᠡᠷᠢᠶᠡᠨᠭᠤᠪᠢ ᠨᠡᠶᠢᠭᠡᠮ ᠲᠣᠭᠤᠷᠢᠭ ᠪᠣᠯᠣᠨ ᠡᠷᠡᠭᠦᠯ ᠬᠠᠮᠠᠭᠠᠯᠠᠯ ᠤᠨ ᠬᠤᠷᠢᠶ᠎ᠠ ᠬᠠᠮᠲᠤᠷᠠᠨ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠴᠢᠨᠠᠷ ᠰᠠᠶᠢᠲᠠᠶ ᠡᠮᠴᠢᠯᠡᠭᠡᠨ ᠤ ᠦᠶᠯᠡᠴᠢᠯᠡᠭᠡ ᠪᠠ ᠡᠷᠡᠭᠦᠯ ᠮᠡᠨᠳᠦ ᠶᠢᠨ ᠵᠥᠪᠯᠡᠯᠭᠡ ᠥᠭᠬᠦ ᠦᠶᠯᠡᠴᠢᠯᠡᠭᠡ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ  ᠢ ᠬᠠᠯᠠᠮᠵᠢᠯᠠᠨ ᠬᠠᠶᠢᠷᠠᠯᠠᠵᠤ᠂ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠤᠬᠠᠭᠤᠯᠪᠠ᠃      ᠠᠯᠪᠠᠨ ᠵᠢᠷᠤᠮ ᠤᠨ ᠡᠮᠴᠢᠯᠡᠭᠡᠨ ᠤ ᠠᠬᠤᠶ ᠲᠠᠯᠠᠪᠠᠶ ᠳᠤ᠂ ᠨᠠᠰᠤᠲᠠᠶᠢᠴᠤᠳ ᠰᠠᠶᠢᠨ ᠲᠤᠷᠠᠴᠤᠳ ᠤᠨ ᠵᠢᠯᠣᠭᠤᠳᠣᠯᠭ᠎ᠠ ᠪᠠᠷ᠂ ᠡᠯ᠎ᠡ ᠵᠦᠶᠯ ᠤᠨ ᠡᠮᠴᠢᠯᠡᠭᠡ ᠶᠢ ᠡᠮᠬᠢ ᠵᠢᠷᠤᠮ ᠲᠠᠢ ᠬᠢᠯᠭᠡᠨ᠎ᠡ᠃ ᠡᠮᠴᠢᠯᠡᠭᠡᠨ ᠤ ᠠᠵᠢᠯᠲᠠᠳ ᠨᠠᠰᠤᠲᠠᠶᠢᠴᠤᠳ ᠤᠨ ᠴᠢᠰᠤᠨ ᠳᠠᠷᠤᠯᠲᠠ᠂ ᠴᠢᠰᠤᠨ ᠰᠢᠬᠢᠷ ᠢ ᠨᠢ  ᠪᠠᠶᠢᠴᠠᠭᠠᠵᠤ ᠥᠭᠭᠦᠨ᠂ ᠲᠡᠳᠡᠨ ᠤ ᠳᠤᠷᠠᠳᠤᠭᠰᠠᠨ ᠡᠷᠡᠭᠦᠯ ᠮᠡᠨᠳᠦ ᠶᠢᠨ ᠲᠤᠬᠠᠶ ᠠᠰᠠᠭᠤᠯᠲᠠ ᠶᠢ  ᠬᠠᠷᠢᠭᠤᠯᠵᠤ᠂ ᠲᠡᠳᠡᠨ ᠳᠤ ᠨᠠᠮᠤᠷ ᠡᠪᠦᠯ ᠤᠨ ᠤᠯᠠᠷᠢᠯ ᠳᠠᠬᠢ ᠡᠳᠦᠷ ᠲᠤᠲᠤᠮ ᠤᠨ ᠠᠮᠢᠳᠤᠷᠠᠯ ᠤᠨ ᠲᠠᠯ᠎ᠠ ᠪᠠᠷ ᠠᠩᠬᠠᠷᠬᠤ ᠵᠣᠬᠢᠰᠲᠠᠢ ᠵᠦᠢᠯᠡᠰ ᠢ ᠰᠠᠨᠠᠭᠤᠯᠵᠤ ᠥᠭᠪᠡ᠃ ᠡᠭᠦᠨ ᠤ ᠬᠠᠮᠲᠤ᠂ ᠰᠠᠶᠢᠨ ᠲᠤᠷᠠᠴᠤᠳ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠨ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠲᠠᠶᠢᠯᠪᠦᠷᠢᠯᠠᠨ᠂ ᠨᠠᠰᠤᠲᠠᠶᠢᠴᠤᠳ ᠲᠤ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠵᠤ᠂ ᠡᠷᠡᠭᠦᠯ ᠮᠡᠨᠳᠦ ᠪᠡᠶ᠎ᠡ ᠰᠤᠪᠢᠯᠠᠬᠤ ᠣᠨᠣᠯᠵᠢᠬᠤᠨ ᠢ ᠢᠳᠡᠪᠬᠢᠲᠡᠶ ᠲᠦᠭᠡᠮᠡᠯᠵᠢᠭᠦᠯᠪᠡ᠃      ᠭᠤᠣᠯ ᠰᠡᠳᠦᠪᠲᠦ ᠬᠥᠮᠦᠵᠢᠯ ᠡᠬᠢᠯᠡᠭᠰᠡᠨ ᠠᠴᠠ ᠨᠠᠭᠠᠰᠢ᠂ ᠡᠷᠢᠶᠡᠨᠭᠤᠪᠢ ᠨᠡᠶᠢᠭᠡᠮ ᠲᠣᠭᠤᠷᠢᠭ ᠨᠢ ᠨᠠᠰᠤᠲᠠᠶᠢᠴᠤᠳ ᠲᠤ ᠦᠢᠯᠡᠴᠢᠯᠡᠬᠦ ᠪᠠᠷ ᠭᠠᠷᠳᠠᠴᠠ ᠪᠣᠯᠭᠠᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠢ ᠭᠤᠣᠯᠳᠠᠯᠭ᠎ᠠ ᠲᠠᠢ ᠠᠩᠬᠠᠷᠴᠤ᠂ ᠨᠠᠰᠤᠲᠠᠶᠢᠴᠤᠳ ᠲᠤ ᠦᠢᠯᠡᠴᠢᠯᠡᠬᠦ ᠰᠠᠶᠢᠨ ᠳᠤᠷ᠎ᠠ ᠶᠢᠨ ᠬᠥᠮᠦᠰ ᠪᠠ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠬᠥᠭᠵᠢᠭᠦᠯᠵᠦ᠂ ᠨᠠᠰᠤᠲᠠᠶᠢᠴᠤᠳ ᠤᠨ ᠬᠦᠴᠢᠷ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ᠂ ᠪᠦᠬᠦ ᠨᠡᠶᠢᠭᠡᠮ ᠲᠣᠭᠤᠷᠢᠭ ᠲᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠵᠤ ᠨᠠᠰᠤᠲᠠᠨ ᠢᠶᠠᠨ ᠬᠠᠪᠰᠤᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ  ᠃    
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号