ᠳᠤᠮᠳᠠᠳᠤ ᠶᠢᠨ ᠦᠨᠳᠦᠰᠦᠲᠡᠨ ᠤ ᠨᠠᠰᠤᠲᠠᠨ ᠢᠶᠠᠨ ᠬᠦᠨᠳᠦᠯᠡᠵᠦ᠂ ᠨᠠᠰᠤᠲᠠᠨ ᠢᠶᠠᠨ ᠬᠠᠶᠢᠷᠠᠯᠠᠬᠤ | ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠥᠷᠭᠡᠨ ᠣᠯᠠᠨ ᠨᠠᠰᠤᠲᠠᠶᠢᠴᠤᠳ ᠲᠤ ᠡᠷᠡᠭᠦᠯ ᠡᠩᠬᠡ᠂ ᠵᠣᠯ | ᠵᠢᠷᠭᠠᠯ ᠲᠠᠢ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠭᠦᠯᠬᠦ ᠶᠢᠨ ᠲᠥᠯᠥᠭᠡ᠂ 10 ᠰᠠᠷ᠎ᠠ ᠶᠢᠨ 23 ᠤ ᠡᠳᠦᠷ᠂ | ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤ ᠤᠯᠠᠭᠠᠨᠮᠥ᠋ᠴᠢᠷ ᠪᠣᠯᠤᠨ 732 ᠰᠠᠴᠤᠷᠠᠭᠤᠯᠬᠤ | ᠥᠷᠲᠡᠭᠡ ᠬᠠᠮᠲᠤᠷᠠᠨ 2023 ᠣᠨ ᠤ ︿︿ᠰᠢᠨ᠎ᠡ ᠴᠠᠭ ᠦᠶ᠎ᠡ ᠶᠢ ᠪᠠᠶᠠᠷᠯᠠᠨ ᠤᠭᠲᠤᠵᠤ ᠶᠢᠰᠦᠨ ᠰᠠᠷ᠎ᠠ ᠶᠢᠨ | ᠶᠢᠰᠦᠨ ᠢ ᠪᠠᠶᠠᠷᠯᠠᠨ ᠪᠡᠯᠭᠡᠯᠡᠶ᠎ᠡ﹀﹀ ᠭᠡᠰᠡᠨ 2023 ᠣᠨ ᠤ ᠶᠢᠰᠦᠨ ᠰᠠᠷ᠎ᠠ ᠶᠢᠨ ᠶᠢᠰᠦᠨ ᠤ ᠪᠠᠶᠠᠷ ᠢ ᠪᠡᠯᠭᠡᠯᠡᠬᠦ | ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤ ᠬᠤᠰᠢᠭᠤ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠨᠠᠰᠤᠲᠠᠶᠢᠴᠤᠳ | ᠦᠨᠳᠦᠰᠦᠳᠡᠨ ᠤ ᠬᠤᠪᠴᠠᠰᠤ ᠵᠠᠰᠠᠯ ᠢᠶᠠᠷ ᠢᠶᠠᠨ ᠭᠤᠶᠣᠯᠠᠨ᠂ ᠨᠢᠭᠡ ᠲᠠᠩᠬᠢᠮ ᠳᠤ ᠬᠤᠷᠠᠨ ᠴᠤᠭᠯᠠᠷᠠᠵᠤ᠂ ᠪᠠᠶᠠᠷ | ᠤᠨ ᠡᠳᠦᠷ ᠢᠶᠠᠨ ᠬᠠᠮᠲᠤ ᠪᠠᠷ ᠪᠡᠯᠭᠡᠯᠡᠪᠡ᠃ ᠠᠵᠢᠯᠯᠠᠭ᠎ᠠ ᠨᠢ ᠬᠤᠰᠢᠭᠤ ᠤᠯᠠᠭᠠᠨᠮᠦ᠋ᠴᠢᠷ ᠤᠨ ᠲᠣᠭᠯᠠᠭᠴᠢᠳ ᠤᠨ | ᠬᠦᠭᠡᠮᠡᠢ ᠶᠢᠨ ᠠᠶᠠᠯᠭᠤ ᠪᠠᠷ ᠬᠥᠰᠢᠭᠡ ᠪᠠᠨ ᠰᠡᠬᠦᠵᠦ᠂ ᠤᠯᠠᠭᠠᠨᠮᠦ᠋ᠴᠢᠷ ᠤᠨ ᠲᠣᠭᠯᠠᠭᠴᠢᠳ ᠠᠴᠠ ᠤᠷᠲᠤ ᠶᠢᠨ | ᠳᠠᠭᠤᠤ᠂ ᠭᠤᠴᠣᠯᠠᠯ ᠪᠥᠵᠢᠭ᠂ ᠡᠷᠡᠭᠲᠡᠢ ᠡᠮᠡᠭᠲᠡᠶ ᠶᠢᠨ ᠭᠤᠴᠣᠯᠠᠯ ᠳᠠᠭᠤᠤ᠂ ᠴᠤᠭᠤᠷ ᠶᠠᠲᠤᠭ᠎ᠠ ᠨᠠᠶᠢᠷᠠᠯ ᠵᠡᠷᠭᠡ | ᠭᠤᠴᠣ ᠰᠠᠶᠢᠬᠠᠨ ᠲᠣᠭᠯᠠᠯᠲᠠ ᠤᠳ ᠢᠶᠠᠨ ᠨᠠᠰᠤᠲᠠᠶᠢᠴᠦᠳ ᠲᠠᠭᠠᠨ ᠡᠷᠭᠦᠨ ᠪᠠᠷᠢᠵᠤ᠂ ᠠᠶᠠᠨ ᠰᠠᠶᠢᠨ ᠲᠤᠷᠠᠴᠤᠳ | ᠤᠨ ᠨᠡᠶᠢᠭᠡᠮᠯᠢᠭ ᠤᠨ ᠭᠡᠰᠢᠭᠦᠳ ᠠᠴᠠ ᠴᠤ ᠬᠥᠭᠵᠢᠮ ᠪᠠ ᠨᠠᠶᠢᠷᠠᠯ ᠳᠠᠭᠤᠤ ᠵᠡᠷᠭᠡ ᠲᠣᠭᠯᠠᠯᠲᠠ ᠪᠠᠨ ᠡᠷᠭᠦᠨ | ᠪᠠᠷᠢᠵᠤ ᠬᠤᠷᠠᠨ ᠴᠤᠭᠯᠠᠭᠰᠠᠨ ᠥᠷᠭᠡᠨ ᠣᠯᠠᠨ ᠨᠠᠰᠤᠲᠠᠶᠢᠴᠦᠳ ᠤᠨ ᠬᠠᠯᠠᠭᠤᠨ ᠠᠯᠠᠭ᠎ᠠ ᠳᠠᠰᠢᠯᠲᠠ ᠶᠢ ᠬᠦᠷᠲᠡᠵᠦ | ᠪᠠᠶᠢᠯ᠎ᠠ᠃ | ᠠᠵᠢᠯᠯᠠᠭ᠎ᠠ ᠳᠤ ᠪᠠᠰᠠ ᠨᠠᠰᠤᠲᠠᠶᠢᠴᠤᠳ ᠲᠤ ᠵᠣᠷᠢᠭᠤᠯᠤᠭᠰᠠᠨ ᠰᠣᠨᠢᠷᠬᠠᠯᠲᠠᠶ ᠬᠦᠳᠡᠯᠭᠡᠭᠡᠨ ᠥᠷᠨᠢᠭᠦᠯᠵᠦ᠂ | ᠨᠠᠰᠤᠲᠠᠶᠢᠴᠦᠳ ᠪᠠᠶᠠᠷ ᠬᠥᠷ ᠲᠠᠢ ᠪᠠᠷ ᠢᠳᠡᠪᠬᠢᠯᠡᠨ ᠣᠷᠤᠯᠴᠠᠵᠤ᠂ ᠶᠢᠰᠦᠨ ᠰᠠᠷ᠎ᠠ ᠶᠢᠨ ᠶᠢᠰᠦᠨ ᠤ ᠪᠠᠶᠠᠷ ᠶᠢ ᠮᠠᠰᠢ | ᠤᠳᠬ᠎ᠠ ᠠᠭᠤᠯᠭ᠎ᠠ ᠲᠠᠢ ᠥᠩᠭᠡᠷᠡᠭᠦᠯᠵᠡᠢ᠃ |