ᠮᠠᠨ ᠤ ᠬᠤᠰᠢᠭᠤ 2023 ᠣᠨ ᠤ ᠲᠦᠷᠦᠭᠦᠦ ᠭᠤᠷᠪᠠᠨ ᠤᠯᠠᠷᠢᠯ ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/6
      10 ᠰᠠᠷ᠎ᠠ ᠶᠢᠨ 25 ᠤ ᠡᠳᠦᠷ᠂ ᠮᠠᠨ ᠤ ᠬᠤᠰᠢᠭᠤ 2023 ᠣᠨ ᠤ ᠲᠦᠷᠦᠭᠦᠦ ᠭᠤᠷᠪᠠᠨ ᠤᠯᠠᠷᠢᠯ  ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠬᠤᠰᠢᠭᠤ ᠲᠤᠭ᠎ᠠ ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠪᠣᠯᠤᠨ ᠵᠡᠭᠦᠨ ᠦᠵᠦᠮᠦᠴᠢᠨ ᠤ ᠪᠠᠶᠢᠴᠠᠭᠠᠯᠲᠠ  ᠶᠢᠨ ᠠᠩᠭᠢ ᠶᠢᠨ ᠳᠡᠳ᠋ ᠳᠠᠷᠤᠭ᠎ᠠ ᠠᠴᠠ 2023 ᠣᠨ ᠤ  ᠪᠥᠬᠦ ᠬᠤᠰᠢᠭᠤᠨ ᠤ  ᠲᠦᠷᠦᠭᠦᠦ ᠭᠤᠷᠪᠠᠨ ᠤᠯᠠᠷᠢᠯ  ᠤᠨ ᠠᠵᠤ ᠠᠬᠤᠶ ᠶᠢᠨ ᠡᠷᠭᠢᠯᠲᠡ ᠶᠢᠨ ᠪᠠᠶᠢᠳᠠᠯ ᠤᠨ ᠲᠤᠬᠠᠶ ᠮᠡᠳᠡᠭᠳᠡᠨ᠂ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ  ᠃      2023 ᠣᠨ ᠤ ᠲᠦᠷᠦᠭᠦᠦ ᠭᠤᠷᠪᠠᠨ ᠤᠯᠠᠷᠢᠯ ᠳᠤ᠂ ᠮᠠᠨ ᠤ ᠬᠤᠰᠢᠭᠤᠨ ᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ54 . 45 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 8 .5 % ᠪᠠᠷ ᠨᠡᠮᠡᠭᠳᠡᠪᠡ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠶᠯᠡᠰ ᠤᠨ ᠨᠡᠮᠡᠭᠳᠡᠯ ᠥᠷᠲᠡᠭ 8 .05 ᠳ᠋ᠦᠩᠰᠢᠭᠤᠷ ᠲᠥᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 4 . 9 % ᠪᠠᠷ ᠨᠡᠮᠡᠭᠳᠡᠪᠡ᠃ ᠬᠤᠶᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ 27 .62 ᠳ᠋ᠦᠩᠰᠢᠭᠤᠷ ᠲᠥᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 13 .1 % ᠪᠠᠷ ᠨᠡᠮᠡᠭᠳᠡᠪᠡ᠃ ᠭᠤᠷᠪᠠᠳᠤᠭᠠᠷ ᠠᠵᠤ ᠦᠶᠯᠡᠰ ᠤᠨ ᠨᠡᠮᠡᠭᠳᠡᠯ ᠥᠷᠲᠡᠭ18 .78 ᠳ᠋ᠦᠩᠰᠢᠭᠤᠷ ᠲᠥᠭᠦᠷᠢᠭ ᠪᠠᠶᠢᠵᠦ᠂ ᠠᠳᠠᠯᠢ ᠬᠤᠭᠤᠴᠠᠭᠠᠨ ᠤ ᠬᠢ ᠠᠴᠠ 5 .3 % ᠪᠠᠷ ᠨᠡᠮᠡᠭᠳᠡᠪᠡ  ᠃      ᠪᠥᠬᠦ ᠬᠤᠰᠢᠭᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠡᠶᠡᠯᠡᠭᠦᠯᠦᠭᠰᠡᠨ ᠦᠶᠯᠡᠳᠬᠦᠨ ᠤ ᠥᠷᠲᠡᠭ14 . 57 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠪᠤᠳᠤᠪᠠᠯ ᠠᠳᠠᠯᠢ ᠬᠤᠭᠤᠴᠠᠭᠠᠨ ᠤ ᠬᠢ ᠠᠴᠠ 4 .9 % ᠪᠠᠷ ᠨᠡᠮᠡᠭᠳᠡᠪᠡ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠨᠡᠮᠡᠭᠳᠡᠯ ᠥᠷᠲᠡᠭ‌ᠠᠳᠠᠯᠢ ᠬᠤᠭᠤᠴᠠᠭᠠᠨ ᠤ ᠬᠢ ᠠᠴᠠ 5 . 0 % ᠪᠠᠷ‌ᠨᠡᠮᠡᠭᠳᠡᠪᠡ  ᠃      ᠪᠦᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 1.53 % ᠪᠠᠷ ᠨᠡᠮᠡᠭᠳᠡᠵᠦ᠂ ᠪᠦᠬᠦ ᠠᠶᠢᠮᠠᠭ ᠤᠨ ᠳᠤᠮᠳᠠᠴᠢ ᠨᠡᠮᠡᠭᠳᠡᠯ ᠤᠨ ᠬᠤᠷᠳᠤᠴᠠ‌ᠡᠴᠠ 4 .9 ᠵᠠᠭᠤᠨ ᠤ ᠬᠤᠪᠢ ᠥᠨᠳᠥᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 6 . 8 ᠵᠠᠭᠤᠨ ᠤ ᠬᠤᠪᠢ ᠪᠠᠷ ᠳᠡᠭᠡᠭᠰᠢᠯᠡᠪᠡ᠃ ᠡᠵᠡᠩᠨᠡᠯᠲᠡ ᠶᠢᠨ ᠣᠷᠣᠯᠭ᠎ᠠ 21 . 2 ᠳ᠋ᠦᠩᠰᠢᠭᠤᠷ ᠲᠥᠭᠦᠷᠢᠭ ᠲᠤ ᠬᠦᠷᠴᠦ  ᠂ ᠠᠳᠠᠯᠢ ᠬᠤᠭᠤᠴᠠᠭᠠᠨ ᠤ ᠬᠢ ᠠᠴᠠ 9 .7 % ᠪᠠᠷ ᠨᠡᠮᠡᠭᠳᠡᠪᠡ᠃ 3 .1 ᠳ᠋ᠦᠩᠰᠢᠭᠤᠷ ᠲᠥᠭᠦᠷᠢᠭ  ᠤᠨ ᠠᠰᠢᠭ ᠬᠤᠨᠵᠢᠪᠣᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5 . 1 % ᠪᠠᠷ ᠨᠡᠮᠡᠭᠳᠡᠪᠡ᠃      ᠪᠥᠬᠦ ᠬᠤᠰᠢᠭᠤᠨ ᠤ ᠦᠶᠯᠡᠴᠢᠯᠡᠭᠡᠨ ᠤ ᠦᠶᠯᠡᠰ ᠤᠨ ᠨᠡᠮᠡᠭᠳᠡᠯ ᠥᠷᠲᠡᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠠᠬᠢ ᠡᠵᠡᠯᠡᠬᠦ ᠬᠠᠷᠢᠴᠠᠯ 34 .1 % ᠪᠠᠶᠢᠵᠤ᠂ ᠠᠳᠠᠯᠢ ᠬᠤᠭᠤᠴᠠᠭᠠᠨ  ᠤ ᠬᠢ ᠠᠴᠠ 0 .15 ᠵᠠᠭᠤᠨ ᠤ ᠬᠤᠪᠢ ᠳᠡᠭᠡᠭᠰᠢᠯᠡᠪᠡ᠃ ᠠᠵᠢᠯ ᠲᠥᠷᠥᠯ ᠢᠶᠠᠷ  ᠬᠤᠪᠢᠶᠠᠪᠠᠯ᠂ ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠶᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21 . 9 % ᠪᠠᠷ ᠨᠡᠮᠡᠭᠳᠡᠵᠦ᠂ ᠮᠥᠩᠭᠦᠨ ᠭᠦᠶᠯᠭᠡᠭᠡᠨ ᠤ ᠦᠶᠯᠡᠰ ᠠᠳᠠᠯᠢ ᠬᠤᠭᠤᠴᠠᠭᠠᠨ ᠤ ᠬᠢ ᠠᠴᠠ 11. 0 %  ᠪᠠᠷ ᠨᠡᠮᠡᠭᠳᠡᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠶᠯᠡᠰ ᠠᠳᠠᠯᠢ ᠬᠤᠭᠤᠴᠠᠭᠠᠨ ᠤ ᠬᠢ  ᠠᠴᠠ 11 . 0 % ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠶᠯᠡᠰ ᠠᠳᠠᠯᠢ ᠬᠤᠭᠤᠴᠠᠭᠠᠨ ᠤ ᠬᠢ  ᠠᠴᠠ 5 .1 %  ᠪᠠᠷ ᠨᠡᠮᠡᠭᠳᠡᠵᠦ᠂ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠶᠯᠡᠰ ᠠᠳᠠᠯᠢ ᠬᠤᠭᠤᠴᠠᠭᠠᠨ ᠤ ᠬᠢ ᠠᠴᠠ 4 .8 % ᠪᠠᠷ ᠨᠡᠮᠡᠭᠳᠡᠵᠦ᠂ ᠪᠤᠰᠤᠳ ᠦᠶᠯᠡᠴᠢᠯᠡᠭᠡᠨ ᠤ ᠦᠶᠯᠡᠰ ᠠᠳᠠᠯᠢ ᠬᠤᠭᠤᠴᠠᠭᠠᠨ ᠤ ᠬᠢ ᠠᠴᠠ 2 .0 % ᠪᠠᠷ ᠨᠡᠮᠡᠭᠳᠡᠪᠡ  ᠃      ᠪᠦᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 18 .6 ᠳ᠋ᠦᠩᠰᠢᠭᠤᠷ ᠲᠥᠭᠦᠷᠢᠭ  ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13 .3 % ᠪᠠᠷ ᠨᠡᠮᠡᠭᠳᠡᠪᠡ᠃ ᠠᠵᠤ ᠦᠶᠯᠡᠰ ᠢᠶᠠᠷ ᠬᠤᠪᠢᠶᠠᠵᠤ ᠦᠵᠡᠪᠡᠯ᠂ ᠬᠤᠶᠠᠳᠤᠭᠠᠷ ᠠᠵᠤ ᠦᠶᠯᠡᠰ 7 .96 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14 . 4 % ᠪᠠᠷ ᠨᠡᠮᠡᠭᠳᠡᠪ᠊᠃ ᠭᠤᠷᠪᠠᠳᠤᠭᠠᠷ ᠠᠵᠤ ᠦᠶᠯᠡᠰ 9 .72 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠠᠳᠠᠯᠢ ᠬᠤᠭᠤᠴᠠᠭᠠᠨ  ᠤ ᠬᠢ ᠠᠴᠠ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ 7 . 97 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3 .4 % ᠪᠠᠷ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 2 .3 ᠵᠠᠭᠤᠨ ᠤ ᠬᠤᠪᠢ ᠳᠡᠭᠡᠭᠰᠢᠯᠡᠪᠡ᠃ ᠡᠵᠡᠩᠨᠡᠯᠲᠡ ᠶᠢᠨ ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 5 .09 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 3 .8 % ᠪᠠᠷ ᠨᠡᠮᠡᠭᠳᠡᠵᠦ᠂ ᠮᠠᠯᠵᠢᠬᠤ ᠣᠷᠣᠨ ᠤ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠲᠤᠭ᠎ᠠ 2 . 88 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 2 .8 % ᠪᠠᠷ ᠨᠡᠮᠡᠭᠳᠡᠪᠡ᠃ ᠬᠡᠷᠡᠭᠯᠡᠭᠡᠨ ᠤ ᠲᠥᠷᠥᠯ ᠢᠶᠠᠷ ᠦᠵᠡᠪᠡᠯ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 5 .08 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2 .6 % ᠪᠠᠷ ᠨᠡᠮᠡᠭᠳᠡᠵᠦ᠂ ᠢᠳᠡᠭᠡᠨ ᠤᠮᠳᠠᠭᠠᠨ  ᠤ ᠣᠷᠣᠯᠭ᠎ᠠ 2 . 89 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5 .0 %  ᠪᠠᠷ ᠨᠡᠮᠡᠭᠳᠡᠪᠡ᠃      ᠪᠥᠬᠦ ᠬᠤᠰᠢᠭᠤᠨ ᠤ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32241 ᠲᠥᠭᠦᠷᠢᠭ‌‍ᠲ᠋ᠦ ᠬᠦᠷᠴᠦ᠂ ᠠᠳᠠᠯᠢ ᠬᠤᠭᠤᠴᠠᠭᠠᠨ ᠤ ᠬᠢ ᠠᠴᠠ 5 . 0 % ᠪᠠᠷ ᠨᠡᠮᠡᠭᠳᠡᠪᠡ᠃ ᠪᠠᠶᠢᠩᠭᠤ ᠰᠠᠭᠤᠭ᠎ᠠ ᠭᠠᠵᠠᠷ ᠢᠶᠠᠷ ᠨᠢ ᠬᠤᠪᠢᠶᠠᠪᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ36056 ᠲᠥᠭᠦᠷᠢᠭ ᠲᠤ ᠬᠦᠷᠴᠦ᠂ 4 .8 % ᠪᠠᠷ ᠨᠡᠮᠡᠭᠳᠡᠪᠡ᠃ ᠮᠠᠯᠵᠢᠬᠤ ᠣᠷᠣᠨ ᠤ ᠰᠠᠭᠤᠭᠠᠯᠢ ᠠᠷᠠᠳ ᠤᠨ ᠳᠤᠮᠳᠠᠴᠢ ᠲᠣᠬᠢᠷᠠᠭᠤᠯᠵᠤ ᠪᠣᠯᠬᠤᠶᠢᠴᠠ ᠣᠷᠣᠯᠭ᠎ᠠ 28045 ᠲᠥᠭᠦᠷᠢᠭ ᠲᠤ ᠬᠦᠷᠴᠣ᠂ 5 .6 % ᠪᠠᠷ ᠨᠡᠮᠡᠭᠳᠡᠪᠡ᠃ ᠬᠤᠲᠠ ᠬᠥᠳᠡᠭᠡ ᠶᠢᠨ ᠣᠷᠣᠯᠭ᠎ᠠ ᠶᠢᠨ ᠬᠠᠷᠢᠴᠠᠯ ᠬᠡᠮᠵᠢᠭᠳᠡᠯ 1.28 ᠪᠣᠯᠵᠣ᠂ ᠠᠳᠠᠯᠢ ᠬᠤᠭᠤᠴᠠᠭᠠᠨ ᠤ ᠬᠢ ᠠᠴᠠ 0 .01 ᠪᠠᠷ ᠪᠠᠭᠠᠰᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号