10 ᠰᠠᠷ᠎ᠠ ᠶᠢᠨ 23 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤ ᠶᠢᠨ | ᠡᠩᠬᠡᠵᠢᠷᠭᠠᠯᠠᠩ ᠭᠠᠴᠠᠭᠠᠨ ᠤ ᠨᠠᠮ ᠤᠨ ᠭᠡᠰᠢᠭᠦᠳ ᠭᠠᠴᠠᠭᠠᠨ ᠤ ᠪᠠᠨ ᠨᠠᠮ ᠤᠨ ᠭᠡᠰᠢᠭᠦᠨ ᠪᠠ ᠤᠯᠠᠨ ᠲᠦᠮᠡᠨ ᠳᠤ | ᠦᠢᠯᠡᠴᠢᠯᠡᠬᠦ ᠲᠥᠪ ᠲᠤ ᠴᠤᠭᠯᠠᠷᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠲᠦᠪᠯᠡᠷᠡᠭᠦᠯᠦᠨ ᠰᠤᠷᠤᠯᠴᠠᠬᠤ ᠬᠤᠷᠠᠯ ᠳᠤ ᠣᠷᠤᠯᠴᠠᠵᠠᠭᠠᠪᠠ᠃ | | ᠠᠵᠢᠯᠯᠠᠭ᠎ᠠ ᠳᠤ᠂ ᠭᠠᠴᠠᠭᠠᠨ ᠤ ᠨᠠᠮ ᠤᠨ ᠡᠭᠦᠷ ᠤᠨ ᠱᠦᠵᠢ ᠠᠴᠠ ︽ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠰᠬᠠᠢ ᠰᠡᠳᠦᠪᠲᠦ | ᠲᠡᠭᠦᠪᠦᠷᠢ︾᠂ ︽ᠰᠢ ᠶᠢᠨ ᠫᠢᠩ ᠤᠨ ᠵᠣᠬᠢᠶᠠᠯ ᠤᠨ ᠰᠣᠩᠭᠤᠮᠠᠯ︾ ᠢ ᠳᠠᠭᠠᠭᠤᠯᠤᠨ ᠰᠤᠷᠤᠯᠴᠠᠵᠤ᠂ ᠨᠠᠮ ᠤᠨ | ᠭᠡᠰᠢᠭᠦᠨ ᠤᠯᠠᠨ ᠲᠦᠮᠡᠨ ᠢ ᠵᠢᠯᠣᠭᠤᠳᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠠᠶᠠᠯᠢᠭ ᠠᠭᠤᠯᠤᠭᠳᠠᠬᠤᠨ᠂ ᠦᠢᠯᠡᠳᠦᠯᠭᠡ ᠶᠢᠨ | ᠱᠠᠭᠠᠷᠳᠠᠯᠭ᠎ᠠ ᠳᠤ ᠨᠡᠩ ᠭᠦᠨᠵᠡᠭᠡᠢ ᠲᠠᠨᠢᠯᠲᠠ ᠲᠠᠢ ᠪᠣᠯᠭᠠᠵᠠᠢ᠃ ᠳᠠᠷᠠᠭ᠎ᠠ ᠨᠢ᠂ ᠨᠠᠮ ᠤᠨ ᠭᠡᠰᠢᠭᠦᠨ ᠤᠯᠠᠨ | ᠲᠦᠮᠡᠨ ᠢ ᠵᠣᠬᠢᠶᠠᠨ ᠪᠠᠶᠢᠭᠤᠯᠤᠨ ᠤᠬᠠᠭᠤᠯᠭ᠎ᠠ ᠬᠥᠮᠦᠵᠢᠯ ᠤᠨ ᠰᠢᠷᠢᠰ ᠹᠢᠯᠢᠮ ᠢ ᠦᠵᠡᠭᠦᠯᠵᠦ᠂ ᠬᠤᠷᠠᠯ ᠳᠤ | ᠣᠷᠣᠯᠴᠠᠭᠰᠠᠨ ᠨᠠᠮ ᠤᠨ ᠭᠡᠰᠢᠭᠦᠳ ᠣᠯᠣᠯᠲᠠ ᠲᠥᠷᠥᠭᠳᠡᠯ ᠢᠶᠠᠨ ᠰᠣᠯᠢᠯᠴᠠᠨ ᠬᠤᠪᠢᠶᠠᠯᠴᠠᠵᠤ᠂ ᠰᠠᠶᠢᠨ ᠰᠠᠶᠢᠬᠠᠨ | ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠪᠠ᠃ | ※ ᠰᠣᠷᠪᠣᠯᠵᠢᠯᠠᠭ᠎ᠠ᠄ ᠡᠩᠬᠡᠵᠢᠷᠭᠠᠯᠠᠩ ᠭᠠᠴᠠᠭᠠᠨ ᠤ ᠨᠠᠮ ᠤᠨ ᠡᠭᠦᠷ ᠤᠨ ᠱᠦᠵᠢ | ᠭᠠᠴᠠᠭᠠᠨ ᠳᠠᠷᠤᠭ᠎ᠠ ᠰᠣᠳᠣᠡᠷᠳᠡᠨᠢ | ︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ | ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠠᠵᠢᠯ ᠢ | ᠡᠬᠢᠯᠡᠭᠦᠯᠦᠭᠰᠡᠨ ᠠᠴᠠ ᠨᠠᠰᠢ᠂ ᠡᠩᠬᠡᠵᠢᠷᠭᠠᠯᠠᠩ ᠭᠠᠴᠠᠭ᠎ᠠ ᠨᠢ ᠮᠠᠯᠵᠢᠬᠤ ᠣᠷᠣᠨ ᠤ ᠪᠣᠳᠠᠲᠤ ᠪᠠᠶᠢᠳᠠᠯ ᠳᠤ ᠪᠠᠨ | ᠰᠠᠭᠤᠷᠢᠯᠠᠨ᠂ ᠠᠮᠢᠳᠤᠯᠢᠭ ᠪᠥᠭᠡᠳ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠬᠥᠮᠦᠵᠢᠯ ᠦᠢᠯᠡᠳᠦᠯᠭᠡ ᠶᠢ | ᠥᠷᠨᠢᠭᠦᠯᠵᠦ᠂ ︽ᠭᠤᠷᠪᠠᠨ ᠬᠤᠷᠠᠯ ᠨᠢᠭᠡ ᠬᠢᠴᠢᠶᠡᠯ︾᠂ ︽ᠭᠤᠣᠯ ᠰᠡᠳᠦᠪᠲᠦ ᠨᠠᠮ ᠤᠨ ᠡᠳᠦᠷ +︾ ᠵᠡᠷᠭᠡ | ᠬᠡᠯᠪᠡᠷᠢ ᠳᠤ ᠲᠦᠰᠢᠭᠯᠡᠨ 8 ᠤᠳᠠᠭ᠎ᠠ ᠶᠢᠨ ᠣᠨᠣᠯ ᠤᠨ ᠰᠤᠷᠤᠯᠴᠠᠯᠭ᠎ᠠ ᠥᠷᠨᠢᠭᠦᠯᠵᠦ᠂ ︽ᠪᠦᠯᠬᠦᠮᠳᠡᠯ ᠬᠤᠨᠳᠠᠭᠠᠲᠤ | ᠮᠣᠩᠭᠤᠯ ᠰᠢᠲᠠᠷ᠎ᠠ ᠶᠢᠨ ᠤᠷᠤᠯᠳᠤᠭᠠᠨ︾᠂ ︽ᠨᠠᠮ ᠤᠨ ᠲᠠᠭᠤᠨ ᠢ ᠴᠤᠤᠷᠢᠶᠠᠳᠤᠭᠤᠯᠬᠤ ᠤᠷᠠᠨ ᠰᠠᠶᠢᠬᠠᠨ ᠤ | ᠲᠣᠭᠯᠠᠯᠲᠠ︾ ᠵᠡᠷᠭᠡ ᠣᠨᠴᠠᠯᠢᠭᠲᠤ ᠠᠵᠢᠯᠯᠠᠭ᠎ᠠ ᠶᠢ ᠦᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠪᠠ | ᠴᠢᠭᠯᠡᠯᠲᠡ ᠲᠥᠷᠥ ᠶᠢᠨ ᠪᠣᠳᠣᠯᠭ᠎ᠠ ᠶᠢ ᠶᠡᠬᠡᠪᠡᠷ ᠤᠬᠠᠭᠤᠯᠪᠠ᠃ ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠣᠳᠣᠯᠭ᠎ᠠ ᠶᠢᠨ ᠲᠠᠶᠢᠯᠤᠮᠵᠢ ᠶᠢᠨ ᠺᠠᠷᠲ ᠢ ᠨᠠᠷᠢᠨ ᠨᠢᠮᠪᠠᠢ ᠨᠠᠶᠢᠷᠠᠭᠤᠯᠤᠨ᠂ ᠠᠬᠠᠮᠠᠳ ᠨᠠᠮ ᠤᠨ ᠭᠡᠰᠢᠭᠦᠨ᠂ ᠪᠠᠶᠠᠵᠢᠯ | ᠤᠨ ᠴᠢᠳᠠᠪᠤᠷᠢᠲᠠᠨ ᠵᠡᠷᠭᠡ ᠭᠤᠣᠯᠯᠠᠭᠴᠢ ᠬᠦᠴᠦᠨ ᠢ ᠵᠣᠬᠢᠶᠠᠨ ᠪᠠᠶᠢᠭᠤᠯᠤᠨ ᠤᠬᠠᠭᠤᠯᠤᠨ ᠲᠠᠶᠢᠯᠪᠤᠷᠢᠯᠠᠬᠤ ᠪᠠᠭ᠎ᠠ | ᠠᠩᠭᠢ ᠪᠠᠶᠢᠭᠤᠯᠵᠤ᠂ ︽ᠤᠬᠠᠭᠤᠯᠤᠨ ᠲᠠᠶᠢᠯᠪᠤᠷᠢᠯᠠᠬᠤ︾ ᠠᠵᠢᠯᠯᠠᠭ᠎ᠠ ᠥᠷᠨᠢᠭᠦᠯᠦᠨ᠂ ᠨᠠᠮ ᠤᠨ ᠤᠨᠤᠯ ᠤᠨ | ᠰᠢᠨ᠎ᠡ ᠶᠢ ᠡᠭᠦᠳᠬᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠪᠤᠳᠠᠲᠠᠢ ᠨᠠᠶᠢᠳᠠᠪᠤᠷᠢᠵᠢᠭᠤᠯᠵᠠᠢ᠃ | ᠡᠭᠦᠨ ᠠᠴᠠ ᠭᠠᠳᠠᠨ᠎ᠠ᠂ ᠬᠠᠮᠲᠤᠪᠠᠷ ᠪᠠᠶᠠᠵᠢᠬᠤ ᠶᠢ ᠪᠡᠶᠡᠯᠡᠭᠦᠯᠬᠦ ᠪᠠᠷ ᠨᠠᠮ ᠤᠨ ᠡᠭᠦᠷ ᠤᠨ ᠲᠡᠮᠡᠴᠡᠬᠦ ᠬᠠᠷᠠᠯᠲᠠ ᠪᠠᠨ | ᠪᠣᠯᠭᠠᠬᠤ ᠶᠢ ᠪᠠᠷᠢᠮᠲᠠᠯᠠᠵᠤ᠂ ᠰᠠᠶᠢᠨ ᠳᠤᠷ᠎ᠠ ᠶᠢᠨ ᠦᠢᠯᠡᠴᠢᠯᠡᠭᠡ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠢ ᠬᠡᠷᠡᠭᠵᠢᠭᠦᠯᠬᠦ ᠵᠡᠷᠭᠡ ᠣᠯᠠᠨ ᠳᠠᠪᠬᠤᠷ | ᠠᠴᠢᠶᠠᠯᠠᠪᠤᠷᠢ ᠳᠤ ᠲᠦᠰᠢᠭᠯᠡᠨ᠂ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠳᠡᠭᠡᠷ᠎ᠡ ᠬᠦᠴᠦ ᠲᠠᠯᠪᠢᠵᠤ᠂ ᠠᠷᠭ᠎ᠠ | ᠪᠦᠬᠦᠨ ᠢ ᠰᠦᠪᠡᠭᠴᠢᠯᠡᠨ ᠮᠠᠯᠴᠢᠨ ᠲᠦᠮᠡᠨ ᠢ ᠳᠠᠭᠠᠭᠤᠯᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ᠂ | ᠬᠠᠨᠤᠮᠵᠢ ᠶᠢᠨ ᠲᠥᠷᠥᠭᠳᠡᠯ᠂ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠨᠢ ᠲᠠᠰᠤᠷᠠᠯᠲᠠ | ᠦᠭᠡᠢ ᠨᠡᠮᠡᠭᠳᠡᠭᠦᠯᠪᠡ᠃ | ᠳᠠᠷᠠᠭᠠᠴᠢ ᠶᠢᠨ ᠠᠯᠬᠤᠮ ᠳᠤ᠂ ᠡᠩᠬᠡᠵᠢᠷᠭᠠᠯᠠᠩ ᠭᠠᠴᠠᠭᠠᠨ ᠤ ᠨᠠᠮ ᠤᠨ ᠡᠭᠦᠷ ᠤᠯᠠᠨ ᠲᠦᠮᠡᠨ ᠢ ᠵᠣᠬᠢᠶᠠᠨ | ᠪᠠᠶᠢᠭᠤᠯᠬᠤ᠂ ᠤᠬᠠᠭᠤᠯᠬᠤ᠂ ᠨᠢᠭᠲᠠᠷᠠᠭᠤᠯᠬᠤ᠂ ᠦᠢᠯᠡᠴᠢᠯᠡᠬᠦ ᠴᠢᠳᠠᠪᠬᠢ ᠪᠠᠨ ᠦᠷᠭᠦᠯᠵᠢᠯᠡᠨ ᠰᠠᠶᠢᠲᠤᠷ | ᠪᠠᠳᠠᠷᠠᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠵᠦ᠂ ᠤᠨᠤᠯ ᠤᠨ | ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ | ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠲᠠᠪᠤᠨ ᠵᠦᠢᠯ ᠤᠨ ᠭᠤᠣᠯᠳᠠᠯᠭ᠎ᠠ ᠲᠠᠢ ᠠᠷᠭ᠎ᠠ | ᠬᠡᠮᠵᠢᠶ᠎ᠡ ᠶᠢ ᠣᠷᠭᠠᠨᠢᠭ ᠢᠶᠠᠷ ᠠᠭᠤᠰᠤᠯᠴᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ | ᠰᠡᠳᠦᠪᠲᠦ ᠬᠥᠮᠦᠵᠢᠯ ᠢ ᠰᠤᠷᠤᠯᠴᠠᠨ ᠲᠤᠭᠤᠰᠢᠯᠠᠭᠤᠯᠬᠤ ᠳᠤᠮᠳᠠ ᠠᠴᠠ ᠡᠷᠡᠮᠡᠬᠡᠶᠢᠯᠡᠨ ᠲᠠᠪᠰᠢᠬᠤ ᠤᠶᠤᠨ ᠤᠬᠠᠭᠠᠨ | ᠪᠠ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠬᠡᠨ ᠠᠪᠤᠭᠰᠠᠨ ᠪᠠᠶᠢᠨ᠎ᠠ᠃ |