ᠮᠠᠨᠳᠤᠬᠤᠪᠤᠯᠠᠭ ᠪᠠᠯᠭᠠᠰᠤ ᠶᠢᠨ ᠲᠣᠰᠤᠨᠨᠠᠭᠤᠷ ᠭᠠᠴᠠᠭᠠᠨ ᠤ ︽ᠠᠷᠠᠳ ᠤᠨ ᠲᠥᠯᠥᠭᠡᠯᠡᠭᠴᠢ ᠶᠢᠨ ᠬᠤᠯᠪᠣᠭ᠎ᠠ ᠠᠪᠬᠤ ᠥᠷᠲᠡᠭᠡ︾ ᠫᠠᠶᠢᠰᠠ ᠰᠡᠬᠦᠵᠦ ᠠᠰᠢᠭᠯᠠᠯᠲᠠ ᠳᠤ ᠣᠷᠤᠪᠠ
ᠨᠡᠶᠢᠲᠡᠯᠡᠭᠰᠡᠨ ᠴᠠᠭ᠄
2023/11/9
      ᠠᠷᠠᠳ ᠤᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠥᠯᠥᠭᠡ᠂ 10 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠮᠠᠨᠳᠤᠬᠤᠪᠤᠯᠠᠭ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ︽123456︾ ᠪᠠ ︽4115︾ ᠠᠵᠢᠯ ᠤᠨ ᠲᠣᠭᠲᠠᠴᠠ ᠶᠢᠨ ᠱᠠᠭᠠᠷᠳᠠᠯᠭ᠎ᠠ ᠶᠣᠰᠣᠭᠠᠷ᠂ ᠲᠣᠰᠤᠨᠨᠠᠭᠤᠷ ᠭᠠᠴᠠᠭᠠᠨ ᠳᠤ ︽ᠠᠷᠠᠳ ᠤᠨ ᠲᠥᠯᠥᠭᠡᠯᠡᠭᠴᠢ ᠲᠠᠢ ᠬᠠᠷᠢᠯᠴᠠᠬᠤ ᠥᠷᠲᠡᠭᠡ︾ ᠶᠢ ᠪᠠᠶᠢᠭᠤᠯᠵᠤ᠂ ᠫᠠᠶᠢᠰᠠ ᠰᠡᠬᠦᠵᠦ ᠠᠰᠢᠭᠯᠠᠯᠲᠠ ᠳᠤ ᠣᠷᠣᠭᠤᠯᠪᠠ ᠃        ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢᠨ ᠠᠵᠢᠯ ᠤᠨ ᠵᠥᠪᠯᠡᠯ ᠤᠨ ᠡᠷᠬᠢᠯᠡᠭᠴᠢ᠂ ᠮᠠᠨᠳᠤᠬᠤᠪᠤᠯᠠᠭ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤ ᠪᠠᠯᠭᠠᠰᠤ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢ ᠵᠢᠴᠢ ᠮᠠᠯᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃      ᠫᠠᠶᠢᠰᠠ ᠰᠡᠬᠦᠬᠦ ᠶᠣᠰᠣᠯᠠᠯ ᠳᠡᠭᠡᠷ᠎ᠡ᠂ ᠲᠣᠰᠤᠨᠨᠠᠭᠤᠷ ᠭᠠᠴᠠᠭᠠᠨ ᠤ ︽ᠠᠷᠠᠳ ᠤᠨ  ᠲᠥᠯᠥᠭᠡᠯᠡᠭᠴᠢ  ᠶᠢᠨ ᠬᠤᠯᠪᠣᠭ᠎ᠠ ᠠᠪᠬᠤ ᠥᠷᠲᠡᠭᠡ︾ ᠶᠢᠨ ᠫᠠᠶᠢᠰᠠ ᠶᠢ ᠰᠡᠬᠦᠵᠦ᠂ ᠡᠨᠡ ᠨᠢ ᠲᠣᠰᠤᠨᠨᠠᠭᠤᠷ ᠭᠠᠴᠠᠭᠠᠨ ᠤ ᠠᠷᠠᠳ ᠤᠨ ᠲᠥᠯᠦᠭᠡᠯᠡᠭᠴᠢ ᠶᠢᠨ ᠬᠤᠯᠪᠣᠭ᠎ᠠ ᠠᠪᠬᠤ ᠥᠷᠲᠡᠭᠡ ᠵᠢᠩᠬᠢᠨᠢ ᠪᠠᠷ ᠠᠵᠢᠯ ᠢᠶᠠᠨ ᠡᠬᠢᠯᠡᠭᠦᠯᠦᠭᠰᠡᠨ ᠢ ᠬᠠᠷᠠᠭᠤᠯᠵᠤ ᠪᠠᠶᠢᠨ᠎ᠠ᠃       ※ ᠰᠣᠷᠪᠤᠯᠵᠢᠯᠠᠭ᠎ᠠ᠄  ᠮᠠᠨᠳᠤᠬᠤᠪᠤᠯᠠᠭ ᠪᠠᠯᠭᠠᠰᠤᠨ ᠤ ᠠᠷᠠᠳ  ᠲᠦᠯᠦᠭᠡᠯᠡᠭᠴᠢ ᠶᠢᠨ ᠶᠡᠭᠡ ᠬᠤᠷᠠᠯ ᠤᠨ ᠲᠡᠷᠢᠭᠦᠯᠡᠭᠴᠢ ᠪᠦᠷᠢᠨᠪᠠᠭᠠᠲᠤᠷ          ᠬᠤᠯᠪᠣᠭ᠎ᠠ ᠠᠪᠬᠤ ᠥᠷᠲᠡᠭᠡ ᠪᠠᠶᠢᠭᠤᠯᠤᠭᠳᠠᠭᠰᠠᠨ ᠨᠢ ᠠᠷᠠᠳ ᠤᠨ ᠲᠥᠯᠥᠭᠡᠯᠡᠭᠴᠢᠳ ᠲᠠᠢ ᠨᠢᠭᠲᠠ ᠬᠠᠷᠢᠯᠴᠠᠬᠤ᠂ ᠣᠯᠠᠨ ᠲᠦᠮᠡᠨ ᠲᠠᠢ ᠬᠠᠷᠢᠯᠴᠠᠬᠤ ᠲᠠᠪᠴᠠᠩ ᠢ ᠥᠷᠭᠡᠳᠬᠡᠨ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠨᠠᠩ ᠰᠠᠶᠢᠲᠤᠷ ᠰᠣᠨᠣᠰᠣᠨ᠂ ᠴᠤᠭᠯᠠᠭᠤᠯᠵᠤ᠂ ᠲᠤᠰᠬᠠᠨ᠂ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠢ ᠲᠠᠰᠤᠷᠠᠯᠲᠠ ᠦᠭᠡᠢ ᠰᠢᠢᠳᠪᠦᠷᠢᠯᠡᠬᠦ ᠶᠢ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠣᠯᠣᠨ᠎ᠠ᠃        ※  ᠰᠣᠷᠪᠤᠯᠵᠢᠯᠠᠭ᠎ᠠ᠄ ᠮᠠᠨᠳᠤᠬᠤᠪᠤᠯᠠᠭ ᠪᠠᠯᠭᠠᠰᠤᠨ ᠤ ᠲᠣᠰᠤᠨᠨᠠᠭᠤᠷ ᠭᠠᠴᠠᠭᠠᠨ ᠤ ᠬᠤᠰᠢᠭᠤ ᠳᠡᠰ ᠤᠨ ᠠᠷᠠᠳ ᠤᠨ ᠲᠦᠯᠦᠭᠡᠯᠡᠭᠴᠢ ᠪᠣᠣ ᠯᠢᠨ        ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠬᠤᠰᠢᠭᠤ ᠠᠷᠠᠳ ᠤᠨ ᠲᠥᠯᠥᠭᠡᠯᠡᠭᠴᠢ ᠰᠠᠷᠠᠨᠴᠣᠭᠲᠤ᠂ ᠪᠣᠣ ᠯᠢᠨ᠂ ᠪᠠᠯᠭᠠᠰᠤᠨ ᠤ ᠠᠷᠠᠳ ᠤᠨ ᠲᠥᠯᠥᠭᠡᠯᠡᠭᠴᠢ ᠮᠡᠷᠭᠡᠨᠪᠠᠶᠠᠷ ᠵᠡᠷᠭᠡ ᠬᠥᠮᠥᠰ ᠥᠪᠡᠷ ᠤᠨ ᠲᠥᠯᠥᠭᠡᠯᠡᠭᠴᠢ ᠶᠢᠨ ᠲᠤᠰᠢᠶᠠᠯ ᠡᠭᠦᠷᠭᠡᠯᠡᠭᠰᠡᠨ ᠠᠴᠠ ᠨᠠᠰᠢᠬᠢ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠤᠨ ᠲᠤᠬᠠᠢ ᠰᠣᠩᠭᠤᠭᠤᠯᠢ ᠶᠢᠨ ᠠᠷᠠᠳ ᠲᠤ ᠲᠤᠰᠢᠶᠠᠯ ᠤᠨ ᠮᠡᠳᠡᠭᠦᠯᠦᠯᠲᠡ ᠬᠢᠭᠰᠡᠨ ᠪᠥᠭᠡᠳ ᠰᠣᠩᠭᠤᠭᠤᠯᠢ ᠶᠢᠨ ᠠᠷᠠᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠵᠤ᠂ ᠰᠣᠩᠭᠤᠭᠤᠯᠢ ᠶᠢᠨ ᠠᠷᠠᠳ ᠠᠴᠠ ᠲᠤᠰᠢᠶᠠᠯ ᠤᠨ ᠮᠡᠳᠡᠭᠦᠯᠦᠯᠲᠡ ᠬᠢᠭᠰᠡᠨ ᠲᠥᠯᠥᠭᠡᠯᠡᠭᠴᠢᠳ ᠲᠤ ᠬᠠᠨᠤᠮᠵᠢᠲᠠᠶ ᠪᠠᠶᠢᠬᠤ ᠡᠰᠡᠬᠦ  ᠶᠢᠨ ᠦᠨᠡᠯᠡᠯᠲᠡ ᠬᠢᠭᠰᠡᠨ ᠪᠠᠶᠢᠨ᠎ᠠ᠃      ᠲᠤᠬᠠᠢ ᠶᠢᠨ ᠡᠳᠦᠷ ᠪᠠᠰᠠ ᠲᠥᠯᠥᠭᠡᠯᠡᠭᠴᠢᠳ ᠤᠨ ᠰᠣᠩᠭᠤᠭᠤᠯᠢ ᠶᠢᠨ ᠠᠷᠠᠳ ᠢ ᠬᠦᠯᠢᠶᠡᠨ ᠠᠪᠬᠤ ᠠᠵᠢᠯᠯᠠᠭ᠎ᠠ ᠥᠷᠨᠢᠭᠦᠯᠵᠦ᠂ ᠰᠣᠩᠭᠤᠭᠤᠯᠢ ᠶᠢᠨ ᠠᠷᠠᠳ ᠤᠨ ᠰᠠᠨᠠᠯ  ᠪᠣᠳᠤᠯ ᠢ ᠰᠣᠨᠣᠰᠴᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号