ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ | ᠶᠢ ᠰᠤᠷᠤᠯᠴᠠᠨ ᠤᠬᠠᠭᠤᠯᠵᠤ ᠲᠤᠤᠱᠯᠠᠭᠤᠯᠤᠨ᠂ 36 ᠳ᠋ᠤᠭᠠᠷ ᠬᠤᠭᠤᠴᠠᠭᠠᠨ ᠤ ᠳᠤᠮᠳᠠᠳᠤ ᠤᠯᠤᠰ ᠤᠨ ︿︿ | ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠪᠠᠶᠠᠷ﹀﹀ ᠢ ᠤᠭᠲᠤᠬᠤ ᠶᠢᠨ ᠲᠥᠯᠥᠭᠡ᠂ 10 ᠰᠠᠷ᠎ᠠ | ᠶᠢᠨ 26 ᠤ ᠦᠳᠡ ᠶᠢᠨ ᠡᠮᠦᠨ᠎ᠡ᠂ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ | ᠬᠤᠰᠢᠭᠤ ᠣᠷᠣᠨ ᠰᠠᠭᠤᠴᠠ ᠬᠢᠭᠡᠳ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶ᠎ᠠ ᠲᠠᠢ | ᠬᠠᠮᠲᠤᠷᠠᠨ ︿︿ᠳᠤᠮᠳᠠᠳᠤ ᠤᠯᠤᠰ ᠤᠨ ᠠᠵᠢᠯᠴᠢᠨ ᠤ ᠡᠪᠯᠡᠯ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠤᠬᠠᠭᠤᠯᠤᠨ ᠳᠣᠭᠤᠰᠢᠯᠠᠭᠤᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠵᠣᠯ | ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ﹀﹀ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ | ᠲᠥᠪᠯᠡᠷᠡᠭᠦᠯᠦᠨ ᠲᠣᠬᠤᠨᠢᠭᠤᠯᠬᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃ | ᠠᠵᠢᠯᠯᠠᠭᠠᠨ ᠳᠤ᠂ ᠪᠦᠬᠦ ᠬᠤᠰᠢᠭᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ 200 ᠠᠵᠢᠯᠴᠢᠨ | ᠳᠤ 4 ᠲᠦᠮᠡᠨ ᠲᠥᠭᠦᠷᠢᠭ ᠤᠨ ᠥᠷᠲᠡᠭ ᠪᠦᠬᠦᠢ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠲᠤᠬᠤᠨᠢᠭᠤᠯᠭ᠎ᠠ ᠶᠢᠨ | ᠪᠣᠳᠠᠰ ᠭᠠᠷᠳᠠᠭᠤᠯᠤᠭᠰᠠᠨ ᠪᠠᠶᠢᠨ᠎ᠠ᠃ | ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ᠂ ᠲᠡᠳᠡᠨ ᠤ | ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠶᠯᠡᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠯ ᠤᠨ | ᠰᠡᠳᠬᠢᠯᠭᠡ ᠪᠠᠨ ᠢᠯᠡᠳᠭᠡᠪᠡ ᠃ | ᠳᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠴᠠ | ᠣᠷᠴᠢᠨ ᠲᠣᠭᠤᠷᠢᠨ ᠤ ᠠᠷᠢᠭᠤᠨ ᠴᠡᠪᠡᠷ ᠤᠨ ᠥᠷᠭᠡᠨ ᠤᠯᠠᠨ ᠠᠵᠢᠯᠴᠢᠨ ᠤ ᠠᠵᠢᠯ ᠪᠠ ᠠᠮᠢᠳᠤᠷᠠᠯ ᠤᠨ ᠪᠠᠶᠢᠳᠠᠯ | ᠢ ᠦᠷᠭᠦᠯᠵᠢᠯᠡᠨ ᠬᠠᠯᠠᠮᠵᠢᠯᠠᠨ ᠠᠩᠬᠠᠷᠴᠤ᠂ ᠲᠡᠳᠡᠨᠠᠷ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠪᠠᠲᠣᠯᠠᠬᠤ ᠶᠢᠨ ᠬᠠᠮᠲᠦ᠂ ᠪᠦᠬᠦ ᠨᠡᠶᠢᠭᠡᠮ ᠳᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ | ᠬᠠᠯᠠᠮᠵᠢᠯᠠᠨ ᠬᠠᠶᠢᠷᠠᠯᠠᠬᠤ ᠪᠤᠯᠤᠨ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠣᠷᠴᠢᠨ | ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠰᠠᠨᠠᠭᠠᠴᠢᠯᠠᠬᠤ ᠪᠤᠯᠤᠨ᠎ᠠ᠃ |