10 ᠰᠠᠷ᠎ᠠ ᠶᠢᠨ 26 ᠤ ᠡᠳᠦᠷ᠂ ᠮᠠᠨ ᠤ ᠬᠤᠰᠢᠭᠤ ᠬᠦᠷᠢᠶᠡᠳᠤᠨᠠᠭᠤᠷ ᠰᠤᠮᠤᠨ ᠤ ᠠᠷᠰᠯᠠᠩᠲᠤ | ᠭᠠᠴᠠᠭᠠᠨ ᠳᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠭᠤᠣᠯᠳᠠᠯᠭ᠎ᠠ | ᠲᠠᠢ ᠢᠨᠵᠧᠨᠧᠷᠢᠩ ᠤᠨ 2023 ᠣᠨ ᠤ ᠨᠠᠮᠤᠷ ᠤᠨ ᠤᠯᠠᠷᠢᠯ ᠤᠨ ᠳᠠᠶᠢᠯᠠᠯᠳᠤᠭᠠᠨ ᠤ ᠡᠬᠢᠯᠡᠯᠲᠡ ᠶᠢᠨ ᠬᠤᠷᠠᠯ | ᠵᠢᠴᠢ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠦᠴᠦ ᠬᠥᠳᠡᠯᠮᠦᠷᠢ ᠣᠷᠣᠭᠤᠯᠬᠤ ᠠᠯᠪᠠᠨ ᠵᠢᠷᠤᠮ ᠤᠨ | ᠬᠥᠳᠡᠯᠮᠦᠷᠢ ᠶᠢᠨ ᠠᠵᠢᠯᠯᠠᠭ᠎ᠠ ᠥᠷᠨᠢᠭᠦᠯᠵᠡᠢ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠳᠤ ᠣᠷᠣᠯᠴᠠᠨ ᠳᠠᠶᠢᠴᠢᠯᠠᠯᠲᠠ ᠶᠢᠨ ᠶᠠᠷᠢᠶ᠎ᠠ | ᠲᠠᠯᠪᠢᠵᠠᠢ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠭᠢᠯᠡᠭᠴᠢ ᠬᠠᠢ ᠪᠦᠦ᠂ ᠬᠤᠰᠢᠭᠤ ᠤᠯᠤᠰ ᠲᠥᠷᠦ ᠶᠢᠨ ᠵᠥᠪᠯᠡᠯᠭᠡᠨ ᠤ ᠳᠡᠳ᠋ ᠡᠷᠬᠢᠯᠡᠭᠴᠢ ᠪᠦᠬᠡᠣᠳᠽᠠᠷ ᠪᠣᠯᠣᠨ | ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠤᠳᠤᠷᠢᠳᠬᠤ ᠳᠤᠭᠤᠶᠢᠯᠠᠩ ᠤᠨ | ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ | ᠠᠩᠭᠢ ᠶᠢᠨ ᠲᠥᠯᠥᠭᠡᠯᠡᠭᠴᠢ᠂ ᠡᠯᠡᠰᠦᠷᠬᠡᠭ ᠭᠠᠵᠠᠷ ᠢ ᠵᠠᠰᠠᠬᠤ ᠣᠷᠣᠨ ᠤ ᠮᠠᠯᠴᠢᠳ ᠤᠨ ᠲᠥᠯᠥᠭᠡᠯᠡᠭᠴᠢ ᠪᠠ | ᠨᠡᠶᠢᠭᠡᠮ ᠤᠨ ᠡᠯ᠎ᠡ ᠡᠲᠡᠭᠡᠳ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃ | ᠳᠡᠳ᠋ ᠬᠤᠰᠢᠭᠤ ᠳᠠᠷᠤᠭ᠎ᠠ ᠰᠡᠴᠡᠨ ᠠᠵᠢᠯᠯᠠᠭ᠎ᠠ ᠶᠢ ᠡᠷᠭᠢᠯᠠᠪᠠ᠃ | ᠠᠵᠢᠯᠯᠠᠭ᠎ᠠ ᠳᠤ᠂ ᠬᠤᠰᠢᠭᠤ ᠤᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠦᠷᠢᠶᠡᠳᠤᠨᠠᠭᠤᠷ | ᠰᠤᠮᠤᠨ ᠤ ᠬᠠᠷᠢᠭᠤᠴᠠᠯᠭᠠᠳᠠᠨ ᠪᠣᠯᠣᠨ ᠠᠷᠰᠯᠠᠩᠲᠤ ᠭᠠᠴᠠᠭ᠎ᠠ ᠶᠢᠨ ᠮᠠᠯᠴᠢᠳ ᠲᠤᠰ ᠲᠤᠰ ᠡᠯᠡᠰᠦ ᠶᠢ ᠰᠡᠷᠭᠡᠶᠢᠯᠡᠵᠦ | ᠡᠯᠡᠰᠦ ᠶᠢ ᠵᠠᠰᠠᠬᠤ ᠠᠵᠢᠯ ᠤᠨ ᠲᠤᠬᠠᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠠᠢ᠃ | ᠠᠯᠮᠠᠰ ᠶᠠᠷᠢᠶᠠᠨ ᠳᠠᠭᠠᠨ ᠵᠢᠭᠠᠭᠰᠠᠨ ᠨᠢ᠂ ᠮᠠᠨ ᠤ ᠬᠤᠰᠢᠭᠤ ᠠᠮᠢ ᠠᠬᠤᠢ ᠶᠢᠨ ᠴᠢᠳᠠᠮᠵᠢ ᠶᠢᠨ ᠲᠥᠷᠥᠯ ᠤᠨ | ᠰᠢᠶᠠᠨ ᠤ ᠣᠷᠣᠨ ᠪᠣᠯᠤᠭᠰᠠᠨ ᠤ ᠬᠤᠪᠢ ᠳᠤ᠂ ᠡᠨᠡ ᠵᠢᠯ ᠤᠯᠤᠰ ᠤᠨ ᠲᠠᠰ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠳᠤ ᠰᠣᠩᠭᠤᠭᠳᠠᠨ ᠣᠷᠤᠪᠠ᠂ ᠬᠤᠯᠠᠨ ᠰᠢᠷᠭ᠎ᠠ ᠳᠠᠭ᠎ᠠ ᠶᠢᠨ | ᠡᠯᠡᠰᠦᠷᠬᠡᠭ ᠭᠠᠵᠠᠷ ᠢ ᠰᠥᠨᠥᠭᠡᠬᠦ ᠲᠡᠶᠢᠨ ᠤ ᠢᠯᠠᠯᠲᠠ ᠶᠢ ᠰᠠᠶᠢᠲᠤᠷ ᠣᠯᠬᠤ ᠪᠣᠯ ᠪᠢᠳᠡᠨ ᠤ ᠵᠠᠶᠢᠯᠠᠭᠤᠯᠵᠤ ᠪᠣᠯᠣᠰᠢ | ᠦᠭᠡᠢ ᠤᠯᠤᠰ ᠲᠥᠷᠥ ᠶᠢᠨ ᠬᠠᠷᠢᠭᠤᠴᠠᠯᠭ᠎ᠠ ᠮᠥᠨ᠂ ᠮᠥᠨ ᠴᠦ ᠥᠷᠭᠡᠨ ᠣᠯᠠᠨ ᠠᠷᠠᠳ ᠲᠦᠮᠡᠨ ᠤ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠲᠤᠬᠠᠢ ᠬᠠᠯᠠᠭᠤᠨ ᠬᠦᠰᠡᠯ ᠢ ᠬᠠᠩᠭᠠᠬᠤ | ᠴᠢᠬᠤᠯᠠ ᠠᠷᠭ᠎ᠠ ᠬᠡᠯᠪᠡᠷᠢ ᠮᠥᠨ᠃ ᠪᠢᠳᠡ ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠵᠤ᠂ ᠢᠳᠡᠪᠬᠢᠲᠡᠢ | ᠠᠵᠢᠯᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ | ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ᠡᠬᠡ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠵᠡᠭᠦᠨ ᠦᠵᠦᠮᠦᠴᠢᠨ ᠤ | ᠬᠦᠴᠦᠨ ᠢᠶᠠᠨ ᠡᠷᠭᠦᠵᠦ᠂ ᠵᠡᠭᠦᠨ ᠦᠵᠦᠮᠦᠴᠢᠨ ᠤ ᠬᠠᠷᠢᠭᠤᠴᠠᠯᠭ᠎ᠠ ᠶᠢ ᠭᠦᠢᠴᠡᠳ ᠬᠠᠷᠠᠭᠤᠯᠤᠶ᠎ᠠ ᠭᠡᠪᠡ︕ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠣᠯᠠᠨ ᠢᠶᠠᠷ ᠢᠶᠠᠨ ᠦᠵᠡᠭᠦᠯᠦᠯᠭᠡ ᠶᠢᠨ ᠰᠠᠮᠪᠠᠷ᠎ᠠ ᠶᠢ | ᠰᠣᠨᠢᠷᠬᠠᠬᠤ ᠪᠠᠷ ᠳᠡᠮᠵᠢᠨ ᠪᠥᠬᠦ ᠬᠤᠰᠢᠭᠤᠨ ᠤ ᠡᠯᠡᠰᠦᠷᠬᠡᠭ ᠭᠠᠵᠠᠷ ᠢ ᠵᠠᠰᠠᠵᠤ ᠪᠠᠶᠢᠭ᠎ᠠ ᠪᠠᠶᠢᠳᠠᠯ ᠢ ᠣᠶᠢᠯᠠᠭᠠᠭᠰᠠᠨ | ᠪᠥᠭᠡᠳ ᠡᠯᠡᠰᠦᠷᠬᠡᠭ ᠭᠠᠵᠠᠷ ᠢ ᠬᠦᠷᠢᠶᠡᠯᠡᠵᠦ ᠪᠢᠲᠡᠭᠦᠮᠵᠢᠯᠡᠨ ᠪᠣᠶᠢᠵᠢᠭᠤᠯᠬᠤ ᠢᠨᠵᠧᠨᠧᠷᠢᠩ ᠤᠨ ᠡᠯᠡᠰᠦ ᠶᠢ | ᠲᠣᠭᠲᠠᠪᠤᠷᠢᠵᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠥᠬᠦ ᠠᠷᠠᠳ ᠢᠶᠠᠷ ᠢᠶᠠᠨ ᠳᠠᠶᠢᠴᠢᠯᠠᠵᠤ᠂ ᠪᠥᠬᠦ | ᠨᠡᠶᠢᠭᠡᠮ ᠢᠶᠠᠷ ᠢᠶᠠᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠪᠠ᠃ | ※ ᠰᠣᠷᠪᠣᠯᠵᠢᠯᠠᠭ᠎ᠠ᠄ ᠬᠦᠷᠢᠶᠡᠳᠤᠨᠠᠭᠤᠷ ᠰᠤᠮᠤᠨ ᠤ ᠮᠠᠯᠴᠢᠨ ᠪᠠᠳᠤᠪᠤᠶᠠᠨ | ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠤᠨ | ᠬᠡᠷᠡᠭᠵᠢᠭᠦᠯᠬᠦ ᠴᠠᠭ ᠨᠢ 2021ᠣᠨ ᠠᠴᠠ 2030 ᠣᠨ ᠪᠣᠯᠣᠨ᠎ᠠ᠂ ᠲᠥᠷᠥᠯ ᠵᠦᠢᠯ ᠤᠨ ᠱᠠᠭᠠᠷᠳᠠᠯᠭ᠎ᠠ ᠶᠢ | ᠦᠨᠳᠦᠰᠦᠯᠡᠪᠡᠯ᠂ ᠵᠡᠭᠦᠨ ᠦᠵᠦᠮᠦᠴᠢᠨ ᠬᠤᠰᠢᠭᠤᠨ ᠤ ᠡᠯᠡᠰᠦᠷᠬᠡᠭ ᠭᠠᠵᠠᠷ ᠢ ᠵᠠᠰᠠᠭᠰᠠᠨ ᠲᠠᠯᠠᠪᠠᠶ ᠨᠢ ᠨᠡᠶᠢᠲᠡ 51. | 89 ᠲᠦᠮᠡᠨ ᠮᠦ ᠪᠠᠶᠢᠵᠤ᠂ ᠭᠤᠣᠯᠳᠠᠭᠤ ᠵᠡᠭᠦᠨ ᠦᠵᠦᠮᠦᠴᠢᠨ ᠬᠤᠰᠢᠭᠤᠨ ᠤ ᠬᠦᠷᠢᠶᠡᠳᠤᠨᠠᠭᠤᠷ ᠰᠤᠮᠤ᠂ ᠰᠠᠮᠠᠢ | ᠰᠤᠮᠤ ᠪᠣᠯᠣᠨ ᠮᠠᠨᠳᠤᠬᠤᠪᠤᠯᠠᠭ ᠪᠠᠯᠭᠠᠰᠤᠨ ᠳᠤ ᠲᠠᠷᠬᠠᠵᠤ ᠪᠠᠶᠢᠨ᠎ᠠ᠃ ᠵᠡᠭᠦᠨ ᠦᠵᠦᠮᠦᠴᠢᠨ ᠬᠤᠰᠢᠭᠤᠨ ᠤ ᠬᠢᠨ | ᠢᠨᠵᠧᠨᠧᠷᠢᠩ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠬᠥᠮᠥᠨ ᠤ ᠬᠦᠴᠦ ᠪᠠᠷ ᠡᠪᠡᠰᠦ ᠳᠠᠷᠢᠬᠤ᠂ ᠡᠯᠡᠰᠦ ᠶᠢ | ᠪᠢᠲᠡᠭᠦᠮᠵᠢᠯᠡᠨ ᠡᠪᠡᠰᠦ ᠪᠣᠶᠢᠵᠢᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠡᠰᠡᠭ ᠬᠡᠰᠡᠭ ᠢᠶᠠᠷ ᠵᠠᠰᠠᠨ᠂ | 2030 ᠣᠨ ᠪᠣᠯᠬᠤ ᠳᠤ ᠪᠥᠬᠦ ᠬᠤᠰᠢᠭᠤᠨ ᠤ ᠡᠯᠡᠰᠦᠵᠢᠭᠰᠡᠨ ᠭᠠᠵᠠᠷ ᠰᠢᠷᠣᠢ ᠶᠢ ᠦᠨᠳᠦᠰᠦᠨ ᠴᠢᠨᠠᠷᠲᠠᠢ ᠵᠠᠰᠠᠬᠤ | ᠶᠢᠨ ᠬᠠᠮᠲᠤ ᠠᠮᠢ ᠠᠬᠤᠢ ᠶᠢᠨ ᠦᠷ᠎ᠡ ᠠᠰᠢᠭ ᠬᠢᠭᠡᠳ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ | ᠠᠰᠢᠭ ᠢ ᠣᠷᠭᠠᠨᠢᠭ ᠢᠶᠠᠷ ᠨᠢᠭᠡᠳᠬᠡᠬᠦ ᠪᠠᠷ ᠴᠢᠷᠮᠠᠶᠢᠬᠤ ᠪᠣᠯᠣᠨ᠎ᠠ᠃ | ᠣᠶᠢᠯᠠᠭᠠᠭᠰᠠᠨ ᠢᠶᠠᠷ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠠᠴᠠ | ᠨᠠᠰᠢ᠂ ᠵᠡᠭᠦᠨ ᠦᠵᠦᠮᠦᠴᠢᠨ ᠬᠤᠰᠢᠭᠤ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ | ᠭᠦᠨᠵᠡᠭᠡᠢ ᠦᠢᠯᠡᠳᠦᠯᠭᠡᠵᠢᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ | ᠡᠷᠡᠰ ᠡᠭᠦᠷᠭᠡᠯᠡᠵᠦ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ | ᠭᠤᠶᠢᠪᠢᠰᠢ ᠦᠭᠡᠢ ᠵᠠᠮᠨᠠᠵᠤ᠂ ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠲᠦ ᠡᠯᠡᠰᠦ ᠮᠠᠩᠬ᠎ᠠ ᠶᠢ | ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠤ | ᠰᠠᠯᠬᠢ ᠡᠯᠡᠰᠦᠨ ᠤ ᠡᠬᠢ ᠶᠢ ᠵᠠᠰᠠᠬᠤ᠂ ᠥᠪᠥᠷ ᠮᠣᠩᠭᠤᠯ ᠤᠨ ᠵᠡᠭᠦᠨ ᠬᠡᠰᠡᠭ ᠤᠨ ᠨᠤᠲᠤᠭ ᠪᠡᠯᠴᠢᠭᠡᠷ ᠤᠨ | ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ | ᠲᠥᠪ ᠤᠨ ᠡᠳ᠋ ᠤᠨ ᠵᠠᠰᠠᠭ ᠤᠨ ᠣᠶᠢᠵᠢᠭᠤᠯᠤᠯᠲᠠ ᠶᠢᠨ ᠨᠥᠬᠦᠪᠦᠷᠢ᠂ ᠲᠠᠴᠢᠷᠳᠠᠭᠰᠠᠨ ᠨᠤᠲᠤᠭ ᠪᠡᠯᠴᠢᠭᠡᠷ ᠤᠨ | ᠠᠮᠢ ᠠᠬᠤᠢ ᠶᠢ ᠰᠡᠷᠭᠦᠭᠡᠬᠦ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠭᠦᠨᠵᠡᠭᠡᠢ ᠲᠦᠯᠬᠢᠨ ᠠᠬᠢᠭᠤᠯᠵᠤ᠂ 2.03 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠢᠨᠵᠧᠨᠧᠷᠢᠩ ᠤᠨ ᠲᠠᠯᠠᠪᠠᠶ ᠶᠢ ᠨᠡᠶᠢᠲᠡ | 109 ᠲᠦᠮᠡᠨ ᠮᠦ ᠬᠡᠷᠡᠭᠵᠢᠭᠦᠯᠵᠦ᠂ ᠣᠶ ᠰᠢᠭᠤᠢ ᠶᠢᠨ ᠡᠭᠦᠷᠭᠡ ᠶᠢ 10.45 ᠲᠦᠮᠡᠨ ᠮᠦ ᠪᠡᠶᠡᠯᠡᠭᠦᠯᠪᠡ᠃ ᠨᠢᠭᠡ | ᠪᠦᠯᠦᠭ ᠴᠢᠬᠤᠯᠠ ᠶᠡᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠪᠠ ᠠᠯᠢ | ᠣᠯᠠᠨ ᠬᠠᠮᠠᠭᠠᠯᠠᠬᠤ ᠪᠠ ᠰᠡᠷᠭᠦᠭᠡᠬᠦ ᠠᠷᠭ᠎ᠠ ᠬᠡᠮᠵᠢᠶ᠎ᠡ ᠠᠪᠬᠤ ᠪᠠᠷ ᠳᠡᠮᠵᠢᠨ᠂ ᠪᠥᠬᠦ ᠬᠤᠰᠢᠭᠤᠨ ᠤ ᠣᠶ ᠰᠢᠭᠤᠢ | ᠨᠤᠲᠤᠭ ᠪᠡᠯᠴᠢᠭᠡᠷ ᠤᠨ ᠠᠮᠢ ᠠᠬᠤᠢ ᠶᠢ ᠦᠷᠭᠦᠯᠵᠢᠯᠡᠨ ᠰᠡᠷᠭᠦᠭᠡᠨ ᠰᠠᠶᠢᠵᠢᠷᠠᠭᠤᠯᠵᠤ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ ᠶᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ | ᠡᠮᠦᠨᠡᠬᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 17.6 ᠵᠠᠭᠤᠨ ᠤ ᠨᠢᠭᠡᠴᠢ ᠳᠡᠭᠡᠭᠰᠢᠯᠡᠭᠦᠯᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠤᠯᠤᠰ ᠤᠨ ᠶᠡᠭᠡ ᠦᠢᠯᠡᠰ︾ ᠢ ᠪᠠᠲᠤ ᠴᠡᠭᠡᠵᠢᠯᠡᠵᠦ᠂ | ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ | ᠪᠠᠳᠠᠷᠠᠭᠤᠯᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠦᠷᠭᠦᠯᠵᠢᠯᠡᠨ ᠨᠣᠭᠤᠭᠠᠷᠠᠭᠤᠯᠵᠤ᠂ ᠬᠤᠯᠠᠨ ᠰᠢᠷᠭ᠎ᠠ | ᠳᠠᠭ᠎ᠠ ᠶᠢᠨ ᠡᠯᠡᠰᠦᠷᠬᠡᠭ ᠭᠠᠵᠠᠷ ᠢ ᠰᠥᠨᠥᠭᠡᠬᠦ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠵᠤ᠂ ᠡᠬᠡ | ᠤᠯᠤᠰ ᠤᠨ ᠤᠮᠠᠷᠠᠲᠤ ᠶᠢᠨ ᠡᠨᠡᠬᠦ ᠲᠦᠮᠡᠨ ᠭᠠᠵᠠᠷ ᠤᠨ ᠨᠣᠭᠤᠭᠠᠨ ᠬᠠᠯᠬᠠᠪᠴᠢ ᠶᠢ ᠨᠡᠩ ᠪᠠᠲᠤ ᠪᠠᠬᠢ ᠴᠣᠭᠴᠠᠯᠠᠨ | ᠪᠠᠶᠢᠭᠤᠯᠬᠤ ᠬᠡᠷᠡᠭᠲᠡᠢ ᠭᠡᠵᠡᠢ᠃ |