ᠵᠡᠭᠦᠨ ᠬᠠᠲᠠᠪᠴᠢ ᠪᠣᠭᠤᠮᠲᠠ ᠶᠢᠨ ᠲᠡᠮᠦᠷ ᠵᠠᠮ ᠤᠨ ᠲᠡᠭᠡᠭᠡᠪᠦᠷᠢ ᠵᠢᠩᠬᠢᠨᠢ ᠪᠠᠷ ᠡᠵᠡᠩᠨᠡᠯᠲᠡ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2023/12/14
      11 ᠰᠠᠷ᠎ᠠ ᠶᠢᠨ 29 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ︱ ᠬᠤᠣᠯᠢᠨ ᠭᠤᠣᠯ( ᠵᠦᠰᠬᠤᠸᠠ)ᠬᠦᠷᠬᠦ ᠱᠤᠭᠤᠮ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠵᠡᠭᠦᠨ ᠬᠠᠲᠠᠪᠴᠢ ᠪᠣᠭᠤᠮᠲᠠ ︱ ᠵᠦᠰᠬᠤᠸᠠ ᠬᠦᠷᠬᠦ ᠲᠡᠮᠦᠷ ᠵᠠᠮ ᠤᠨ ᠪᠦᠬᠦ ᠤᠷᠳᠤ ᠨᠢ 363 ᠺᠢᠯᠤᠮᠧᠲᠷ ᠪᠠᠶᠢᠵᠤ᠂ ᠡᠭᠦᠨ ᠳᠤ ᠵᠡᠭᠦᠨ ᠬᠠᠲᠠᠪᠴᠢ  ᠲᠡᠮᠦᠷ ᠵᠠᠮ ᠤᠨ ᠲᠤᠰᠬᠠᠢ ᠱᠤᠭᠤᠮ ᠢ 2014 ᠣᠨ ᠤ 3 ᠰᠠᠷ᠎ᠠ ᠳᠤ ᠪᠠᠷᠢᠯᠭ᠎ᠠ ᠡᠬᠢᠯᠡᠭᠦᠯᠵᠦ᠂ ᠳᠤᠰ ᠵᠢᠯ ᠤᠨ 6 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠴᠤ ᠲᠡᠷᠭᠡ ᠨᠡᠪᠲᠡᠷᠡᠵᠦ᠂ ᠪᠦᠬᠦ ᠤᠷᠳᠤ ᠨᠢ 74 ᠺᠢᠯᠤᠮᠧᠲᠷ ᠪᠣᠯᠣᠨ᠎ᠠ᠃ 2022 ᠣᠨ ᠤ 1 ᠰᠠᠷ᠎ᠠ ᠠᠴᠠ ᠡᠬᠢᠯᠡᠨ᠂ ᠮᠣᠩᠭᠤᠯ ᠤᠯᠤᠰ ᠤᠨ ᠨᠡᠭᠦᠷᠡᠰᠦᠨ ᠤ ᠭᠠᠳᠠᠭᠠᠳᠤ ᠣᠷᠣᠭᠤᠯᠤᠯᠲᠠ ᠶᠢᠨ ᠬᠡᠮᠵᠢᠶ᠎ᠡ ᠬᠦᠷᠦᠯᠴᠡᠬᠦ ᠦᠭᠡᠢ ᠵᠡᠷᠭᠡ ᠰᠢᠯᠲᠠᠭᠠᠨ ᠤ ᠨᠥᠯᠥᠭᠡ ᠠᠴᠠ ᠪᠣᠯᠵᠤ᠂ ᠲᠣᠰ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ ᠤᠨ ᠲᠡᠭᠡᠭᠡᠪᠦᠷᠢ ᠶᠢᠨ ᠪᠢᠲᠡᠭᠦᠮᠵᠢᠯᠡᠯᠲᠡ ᠶᠢᠨ ᠱᠤᠭᠤᠮ ᠢ ᠵᠣᠭᠰᠣᠭᠠᠪᠠ᠃ ᠣᠶᠢᠷ᠎ᠠ ᠳᠤ᠂ ᠮᠣᠩᠭᠤᠯ ᠤᠯᠤᠰ ᠤᠨ ᠨᠡᠭᠦᠷᠡᠰᠦ ᠵᠥᠭᠡᠭᠡᠪᠦᠷᠢᠯᠡᠬᠦ ᠬᠡᠮᠵᠢᠶ᠎ᠡ ᠨᠡᠮᠡᠭᠳᠡᠬᠦ ᠶᠢ ᠳᠠᠭᠠᠯᠳᠤᠨ᠂ ᠵᠡᠭᠦᠨ ᠬᠠᠲᠠᠪᠴᠢ ᠥᠷᠲᠡᠭᠡ ᠶᠢᠨ ᠪᠢᠲᠡᠭᠦᠮᠵᠢᠯᠡᠭᠰᠡᠨ ᠨᠡᠭᠦᠷᠡᠰᠦ ᠬᠠᠳᠠᠭᠠᠯᠠᠬᠤ ᠬᠥᠮᠥᠷᠭᠡ ᠪᠠ ᠲᠡᠷᠭᠡᠨ ᠳᠤ ᠠᠴᠢᠶᠠᠯᠠᠬᠤ ᠱᠤᠭᠤᠮ ᠪᠠᠶᠢᠭᠤᠯᠤᠭᠳᠠᠵᠤ᠂ 2023 ᠣᠨ ᠤ 11 ᠰᠠᠷ᠎ᠠ ᠶᠢᠨ 29 ᠤ ᠡᠳᠦᠷ ᠵᠢᠩᠬᠢᠨᠢ ᠪᠠᠷ ᠡᠵᠡᠩᠨᠡᠯᠲᠡ ᠪᠠᠨ ᠰᠡᠷᠭᠦᠭᠡᠪᠡ᠃ ᠲᠣᠰ ᠵᠠᠮ ᠱᠤᠭᠤᠮ ᠢ ᠰᠡᠷᠭᠦᠭᠡᠨ ᠠᠵᠢᠯᠯᠠᠭᠤᠯᠪᠠᠯ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠲᠠᠸᠠᠷ ᠤᠨ ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠮᠣᠩᠭᠤᠯ ᠤᠯᠤᠰ ᠤᠨ ᠡᠨᠧᠷᠭᠢ ᠶᠢ ᠨᠠᠩ ᠠᠷᠪᠢᠲᠠᠢ ᠳᠥᠭᠦᠮ ᠳᠥᠲᠡ ᠠᠮᠤᠷ ᠲᠦᠪᠰᠢᠨ ᠠᠷᠭ᠎ᠠ ᠮᠠᠶ᠋ᠢᠭ ᠢᠶᠠᠷ ᠥᠪᠥᠷ ᠮᠣᠩᠭᠤᠯ ᠤᠨ ᠵᠡᠭᠦᠨ ᠬᠡᠰᠡᠭ ᠵᠢᠴᠢ ᠵᠡᠭᠦᠨ ᠬᠤᠶᠢᠲᠤ ᠶᠢᠨ ᠬᠡᠰᠡᠭ ᠭᠠᠵᠠᠷ ᠣᠷᠣᠨ ᠳᠤ ᠲᠠᠰᠤᠷᠠᠯᠲᠠ ᠦᠭᠡᠢ ᠲᠡᠭᠡᠭᠡᠪᠦᠷᠢᠯᠡᠨ ᠬᠦᠷᠭᠡᠵᠦ ᠴᠢᠳᠠᠨ᠎ᠠ᠃ ᠣᠳᠣᠬᠠᠨ ᠳᠤ᠂ ᠲᠣᠰ ᠥᠷᠲᠡᠭᠡ ᠶᠢᠨ ᠡᠳᠦᠷ ᠪᠦᠷᠢ ᠶᠢᠨ ᠲᠡᠭᠡᠭᠡᠪᠦᠷᠢ ᠶᠢᠨ ᠬᠡᠮᠵᠢᠶ᠎ᠡ ᠨᠢ 7500 ᠲᠣᠨ ᠪᠠᠶᠢᠵᠤ᠂ ᠢᠷᠡᠭᠡᠳᠦᠢ ᠳᠤ ᠵᠢᠯ ᠳᠤ 500 ᠲᠦᠮᠡ ᠠᠴᠠ 700 ᠲᠦᠮᠡᠨ ᠲᠣᠨ ᠤ ᠲᠡᠭᠡᠭᠡᠪᠦᠷᠢ ᠶᠢᠨ ᠴᠢᠳᠠᠪᠤᠷᠢ ᠶᠢ ᠪᠡᠶᠡᠯᠡᠭᠦᠯᠵᠦ ᠴᠢᠳᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号