ᠰᠢᠯᠢ ᠶᠢᠨ ᠬᠤᠲᠠ ᠶᠢᠨ ᠰᠢᠯᠢ ᠶᠢᠨ ᠭᠤᠤᠯ ᠰᠤᠶᠤᠯ ᠤᠨ ᠦᠪ ᠤᠨ ᠬᠦᠷᠢᠶᠡᠯᠡᠩ ᠳᠤ ᠪᠠᠶᠢᠷᠢᠯᠠᠭᠰᠠᠨ | ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠳᠤ | ᠬᠠᠷᠢᠶᠠᠯᠠᠭᠲᠠᠬᠤ᠂ ᠨᠠᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠶᠢᠯᠡᠰ ᠤᠨ ᠨᠢᠭᠡᠴᠡ ᠪᠤᠯᠬᠤ ᠰᠢᠯᠢ ᠶᠢᠨ | ᠭᠤᠤᠯ ᠠᠶᠢᠮᠠᠭ ᠤᠨ ᠮᠦᠽᠧᠢ ᠶᠢ 2004 ᠤᠨ ᠳᠤ ᠡᠬᠢᠯᠡᠨ ᠪᠠᠶᠢᠭᠤᠯᠵᠤ᠂ 2009 ᠤᠨ ᠤ ᠨᠠᠢᠮᠠᠲᠤᠭᠠᠷ | ᠰᠠᠷ᠎ᠠ ᠠᠴᠠ ᠤᠯᠠᠨ ᠨᠠᠶᠢᠲᠡ ᠳᠤ ᠲᠥᠯᠥᠪᠤᠷᠢ ᠦᠭᠡᠢ ᠨᠡᠭᠡᠭᠡᠭᠰᠡᠨ ᠶᠤᠮ᠃ ᠲᠤᠰ ᠮᠦᠽᠧᠢ ᠨᠢ ᠲᠡᠤᠬᠡᠨ | ᠲᠤᠷᠠᠰᠬᠠᠯᠲᠤ ᠵᠦᠢᠯᠡᠰ ᠢ ᠡᠯᠰᠡᠨ ᠴᠤᠭᠯᠠᠭᠤᠯᠬᠤ᠂ ᠬᠦᠮᠤᠷᠭᠡ ᠳᠤ ᠤᠷᠤᠭᠤᠯᠤᠨ ᠭᠠᠷᠭᠠᠬᠤ᠂ ᠲᠡᠯᠭᠡᠨ ᠦᠵᠡᠭᠦᠯᠬᠦ᠂ | ᠬᠠᠮᠠᠭᠠᠯᠠᠬᠤ᠂ ᠰᠡᠯᠪᠢᠨ ᠰᠡᠷᠭᠦᠭᠡᠬᠦ᠂ ᠮᠡᠳᠡᠭᠡ ᠵᠠᠩᠭᠢ ᠶᠢ ᠴᠤᠭᠯᠠᠭᠤᠯᠬᠤ ᠪᠠ ᠰᠤᠲᠤᠯᠬᠤ ᠵᠢᠴᠢ ᠲᠡᠤᠬᠡᠨ | ᠲᠤᠷᠠᠰᠬᠠᠯᠲᠤ ᠵᠦᠢᠯᠡᠰ ᠤᠨ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠᠯᠠᠨ ᠲᠡᠮᠳᠡᠭᠯᠡᠬᠦ᠂ ᠨᠡᠶᠢᠭᠡᠮ ᠤᠨ ᠰᠤᠷᠭᠠᠨ | ᠬᠦᠮᠤᠵᠢᠯ᠂ ᠲᠡᠯᠭᠡᠨ ᠦᠵᠡᠭᠦᠯᠤᠯᠭᠡ ᠶᠢᠨ ᠲᠠᠩᠬᠢᠮ ᠢ ᠬᠠᠮᠠᠭᠠᠯᠠᠨ ᠬᠠᠮᠢᠶᠠᠷᠬᠤ ᠠᠵᠢᠯ ᠢ ᠭᠤᠤᠯᠯᠠᠨ | ᠬᠠᠷᠢᠭᠤᠴᠠᠬᠤ ᠶᠢᠨ ᠲᠠᠭᠠᠤ ᠬᠤᠷᠢᠶᠠᠨ ᠬᠠᠳᠠᠭᠠᠯᠠᠬᠤ᠂ ᠲᠡᠯᠭᠡᠨ ᠦᠵᠡᠭᠦᠯᠬᠦ᠂ ᠰᠤᠲᠤᠯᠬᠤ᠂ ᠬᠠᠭᠤᠴᠢ ᠰᠤᠲᠤᠯᠤᠯ᠂ | ᠨᠠᠶᠢᠲᠡ ᠶᠢᠨ ᠰᠤᠷᠭᠠᠨ ᠬᠦᠮᠤᠵᠢᠯ᠂ ᠰᠤᠶᠤᠯ ᠤᠨ ᠰᠤᠯᠢᠯᠴᠠᠭ᠎ᠠ ᠶᠢ ᠨᠢᠭᠡᠳᠬᠡᠭᠰᠡᠨ ᠶᠡᠷᠥᠩᠬᠡᠶᠢᠯᠡᠭᠰᠡᠨ ᠴᠢᠨᠠᠷᠲᠠᠢ | ᠮᠦᠽᠧᠢ ᠪᠤᠯᠤᠨ᠎ᠠ᠃ | ᠮᠦᠽᠧᠢ ᠶᠢᠨ ᠶᠡᠷᠤᠩᠬᠡᠢ ᠲᠠᠯᠠᠪᠠᠢ 2.1 ᠲᠦᠮᠡᠨ ᠬᠠᠪᠲᠠᠭᠠᠢ ᠲᠦᠷᠪᠡᠯᠵᠢᠨ ᠮᠧᠲᠷ᠂ ᠲᠡᠯᠭᠡᠨ ᠦᠵᠡᠭᠦᠯᠤᠯᠭᠡ | ᠶᠢᠨ ᠲᠠᠩᠬᠢᠮ ᠤᠨ ᠲᠠᠯᠠᠪᠠᠢ 1.2 ᠲᠦᠮᠠᠨ ᠬᠠᠪᠲᠠᠭᠠᠢ ᠲᠦᠷᠪᠡᠯᠵᠢᠨ ᠮᠧᠲᠷ᠂ ᠬᠦᠮᠦᠷᠭᠡ ᠶᠢᠨ ᠲᠠᠯᠠᠪᠠᠢ 2000 | ᠬᠠᠪᠲᠠᠭᠠᠢ ᠲᠦᠷᠪᠡᠯᠵᠢᠨ ᠮᠧᠲᠷ᠂ 1000 ᠰᠢᠬᠠᠮ ᠲᠡᠤᠬᠡᠨ ᠲᠤᠷᠠᠰᠬᠠᠯᠲᠤ ᠵᠦᠢᠯᠡᠰ ᠢ ᠬᠠᠮᠠᠭᠠᠯᠠᠨ ᠬᠠᠳᠠᠭᠠᠯᠠᠵᠤ᠂ | ᠵᠢᠯ ᠤᠨ ᠲᠤᠮᠲᠠᠴᠢ ᠲᠤᠭᠤᠷᠢᠨ ᠵᠤᠭᠠᠴᠠᠭᠴᠢᠳ 45 ᠲᠦᠮᠨ ᠶᠢ ᠲᠠᠪᠠᠵᠤ ᠪᠤᠢ᠃ ᠮᠦᠽᠧᠢ ᠨᠢ 13 ᠲᠡᠯᠭᠡᠨ | ᠦᠵᠡᠭᠦᠯᠤᠯᠭᠡ ᠶᠢᠨ ᠲᠠᠩᠬᠢᠮ ᠲᠠᠢ᠂ ᠲᠡᠯᠭᠡᠨ ᠦᠵᠡᠭᠦᠯᠦᠯᠭᠡ ᠪᠠᠨ ᠤᠨᠴᠠᠯᠢᠭᠲᠤ ᠦᠵᠡᠭᠦᠯᠦᠯᠭᠡ᠂ ᠪᠠᠶᠢᠩᠭᠤ ᠶᠢᠨ | ᠦᠵᠡᠭᠦᠯᠦᠯᠭᠡ ᠪᠠ ᠲᠦᠷ ᠴᠠᠭ ᠤᠨ ᠦᠵᠡᠭᠦᠯᠦᠯᠭᠡ ᠭᠡᠵᠤ ᠠᠩᠭᠢᠯᠠᠨ᠂ ︽ᠤᠮᠠᠷᠠᠲᠤ ᠸᠧᠢ ᠤᠯᠤᠰ ᠤᠨ ᠦᠶ᠎ᠡ ᠶᠢᠨ | ᠢᠵᠠᠭᠤᠷᠲᠠᠨ ᠤ ᠤᠩᠭᠤᠨ ᠤ ᠦᠵᠡᠭᠦᠯᠦᠯᠭᠡ︾᠂ ︽ᠮᠤᠩᠭᠤᠯ ᠬᠠᠭᠠᠨᠲᠤ ᠤᠯᠤᠰ︾᠂ ︽ᠲᠠᠯ᠎ᠠ ᠨᠤᠲᠤᠭ ᠤᠨ | ᠲᠠᠩᠰᠤᠭ ᠠᠶᠠᠯᠭᠤ︾᠂ ︽ᠰᠢᠯᠢ ᠶᠢᠨ ᠭᠤᠤᠯ ᠤᠨ ᠨᠡᠪᠲᠡᠷᠬᠡᠢ ᠲᠡᠤᠬᠡ︾ ᠵᠢᠴᠢ ᠲᠦᠷ ᠴᠠᠭ ᠤᠨ | ᠦᠵᠡᠭᠦᠯᠤᠯᠭᠡ ᠪᠠᠷ ᠪᠦᠷᠢᠯᠳᠤᠵᠠᠢ᠃ ᠮᠦᠽᠧᠢ ᠶᠢᠨ ᠪᠦᠬᠦ ᠠᠵᠢᠯᠲᠠᠨ 25 ᠬᠦᠮᠤᠨ᠂ ᠡᠭᠦᠨ ᠳᠤ ᠤᠷᠤᠨ ᠲᠤᠭ᠎ᠠ | ᠪᠦᠬᠦᠢ ᠠᠵᠢᠯᠲᠠᠨ 7 ᠬᠦᠮᠤᠨ᠂ ᠤᠷᠤᠨ ᠲᠤᠭᠠᠨ ᠤ ᠪᠤᠰᠤ ᠠᠵᠢᠯᠲᠠᠨ 17 ᠬᠦᠮᠤᠨ᠂ ᠣᠷᠢᠨ ᠠᠪᠴᠢᠷᠠᠭᠰᠠᠨ | ᠴᠢᠳᠠᠪᠤᠷᠢᠲᠠᠨ 1 ᠬᠦᠮᠤᠨ ᠪᠤᠢ᠃ ᠪᠠᠶᠢᠭᠤᠯᠭ᠎ᠠ ᠨᠢᠭᠡᠴᠡ ᠳᠤ 10 ᠭᠡᠯᠲᠡᠰ ᠲᠤᠬᠢᠷᠠᠭᠤᠯᠤᠨ᠂ ᠲᠤᠰ ᠪᠦᠷᠢ | ᠶᠡᠷᠥᠩᠬᠡᠶᠢᠯᠡᠭᠰᠡᠨ ᠠᠯᠪᠠᠨ ᠭᠡᠷ᠂ ᠡᠳ᠋ ᠤᠨ ᠶᠠᠪᠤᠲᠠᠯ᠂ ᠲᠡᠯᠭᠡᠨ ᠦᠵᠡᠭᠦᠯᠤᠯᠭᠡ ᠪᠠ ᠮᠡᠳᠡᠭᠡ ᠵᠠᠩᠭᠢ᠂ ᠨᠡᠶᠢᠭᠡᠮ ᠤᠨ | ᠰᠤᠷᠭᠠᠨ ᠬᠦᠮᠤᠵᠢᠯ᠂ ᠰᠤᠳᠤᠯᠤᠨ ᠰᠢᠨᠵᠢᠬᠦ᠂ ᠲᠡᠤᠬᠡᠨ ᠲᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ᠂ | ᠡᠯᠰᠡᠨ ᠴᠤᠭᠯᠠᠭᠤᠯᠬᠤ᠂ ᠲᠡᠤᠬᠡᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠰᠡᠯᠪᠢᠨ ᠰᠡᠷᠭᠦᠭᠡᠬᠦ᠂ ᠰᠤᠶᠤᠯ ᠤᠨ | ᠡᠭᠦᠲᠤᠨ ᠪᠦᠲᠤᠭᠡᠯᠲᠡ ᠶᠢᠨ ᠤᠶᠢᠯᠡᠳᠬᠦᠨ᠂ ᠠᠮᠤᠷ ᠲᠦᠪᠰᠢᠨ ᠢ ᠪᠠᠲᠤᠯᠠᠬᠤ ᠵᠡᠷᠭᠡ ᠭᠡᠯᠲᠡᠰ ᠨᠢ ᠠᠵᠢᠯ ᠤᠨ | ᠬᠡᠷᠡᠭᠴᠡᠭᠡᠨ ᠤ ᠲᠤᠭᠤᠷᠢᠨ ᠳᠤ ᠠᠵᠢᠯ ᠢᠶᠠᠨ ᠶᠠᠪᠤᠭᠳᠠᠭᠤᠯᠵᠤ ᠪᠠᠶᠢᠨ᠎ᠠ᠃ | ᠰᠢᠯᠢ ᠶᠢᠨ ᠭᠤᠤᠯ ᠠᠶᠢᠮᠠᠭ ᠤᠨ ᠮᠦᠽᠧᠢ ᠨᠢ ᠴᠢᠳᠠᠪᠤᠷᠢᠲᠠᠨ ᠢᠶᠠᠷ ᠮᠦᠽᠧᠢ ᠪᠠᠨ ᠴᠤᠭᠴᠠᠯᠠᠵᠤ᠂ ᠰᠢᠨᠵᠢᠯᠡᠭᠦ | ᠤᠬᠠᠭᠠᠨᠴᠢ ᠪᠠᠷ ᠮᠦᠽᠧᠢ ᠪᠠᠨ ᠬᠦᠭᠵᠢᠭᠦᠯᠬᠦ ᠶᠢ ᠵᠤᠷᠢᠨ᠂ ᠨᠡᠶᠢᠭᠡᠮ ᠤᠨ ᠡᠯ᠎ᠡ ᠡᠲᠡᠭᠡᠳ ᠲᠤ ᠬᠠᠨᠲᠤᠨ | ︽5 · 18︾ ᠲᠡᠯᠡᠬᠡᠢ ᠶᠢᠨ ᠮᠦᠽᠧᠢ ᠶᠢᠨ ᠡᠲᠤᠷ᠂ ᠰᠤᠶᠤᠯ ᠪᠠ ᠪᠠᠶᠢᠭᠠᠯᠢ ᠶᠢᠨ ᠦᠪ ᠤᠨ ᠡᠲᠤᠷ᠂ ᠲᠠᠯ᠎ᠠ | ᠨᠤᠲᠤᠭ ᠤᠨ ᠰᠤᠶᠤᠯ ᠤᠨ ᠦᠪ ᠤᠨ ᠡᠲᠤᠷ ᠵᠡᠷᠭᠡ ᠭᠤᠤᠯ ᠰᠡᠲᠤᠪᠲᠤ ᠰᠤᠶᠤᠯ ᠤᠨ ᠤᠬᠠᠭᠤᠯᠭ᠎ᠠ ᠶᠢᠨ ᠠᠵᠢᠯᠯᠠᠭ᠎ᠠ | ᠪᠠ ᠲᠦᠷ ᠴᠠᠭ ᠤᠨ ᠦᠵᠡᠭᠦᠯᠤᠯᠭᠡ ᠶᠢ ᠦᠷᠨᠢᠭᠦᠯᠤᠨ᠂ ᠦᠵᠡᠭᠦᠯᠤᠯᠭᠡ ᠪᠠᠷ ᠲᠠᠮᠵᠢᠨ ᠤᠯᠠᠨ ᠨᠠᠶᠢᠲᠡ ᠲᠠᠢ | ᠰᠣᠯᠢᠯᠴᠠᠭ᠎ᠠ ᠪᠠᠨ ᠴᠢᠩᠭᠠᠳᠬᠠᠬᠤ ᠶᠢᠨ ᠲᠠᠭᠠᠤ ︽ᠰᠢᠯᠢ ᠶᠢᠨ ᠭᠤᠤᠯ ᠰᠤᠶᠤᠯ ᠲᠡᠤᠬᠡ ᠶᠢᠨ ᠰᠤᠷᠤᠯᠴᠠᠭᠠᠨ ᠤ | ᠲᠠᠪᠴᠠᠩ︾᠂ ︽ᠪᠢᠴᠢᠬᠠᠨ ᠲᠠᠶᠢᠯᠪᠤᠷᠢᠯᠠᠭᠴᠢ︾ ᠵᠡᠷᠭᠡ ᠨᠡᠶᠢᠭᠡᠮ ᠤᠨ ᠰᠤᠷᠭᠠᠨ ᠬᠦᠮᠤᠵᠢᠯ ᠤᠨ ᠠᠵᠢᠯᠯᠠᠭ᠎ᠠ ᠶᠢ | ᠦᠷᠨᠢᠭᠦᠯᠵᠤ᠂ ᠰᠤᠷᠭᠠᠭᠤᠯᠢ᠂ ᠴᠡᠷᠢᠭ ᠤᠨ ᠲᠤᠭᠤᠷᠢᠭ᠂ ᠠᠵᠤ ᠠᠬᠤᠶᠢᠯᠠᠯ᠂ ᠨᠡᠶᠢᠭᠡᠮ ᠲᠤᠭᠤᠷᠢᠭ ᠲᠤ | ᠭᠦᠨᠵᠡᠭᠡᠶᠢᠷᠡᠨ ᠰᠢᠯᠢ ᠶᠢᠨ ᠭᠤᠤᠯ ᠠᠶᠢᠮᠠᠭ ᠤᠨ ᠮᠦᠽᠧᠢ ᠶᠢᠨ ᠤᠶᠤᠨ ᠤ ᠪᠤᠯᠪᠠᠰᠤᠨ ᠤ ᠪᠠᠶᠢᠭᠤᠯᠤᠯᠲᠠ ᠪᠠ | ᠰᠢᠨᠵᠢᠯᠡᠭᠦ ᠤᠬᠠᠭᠠᠨ ᠰᠤᠷᠭᠠᠨ ᠬᠦᠮᠤᠵᠢᠯ ᠤᠨ ᠪᠠᠬᠢᠯᠡᠯᠲᠡ ᠳᠠᠬᠢ ᠨᠡᠶᠢᠲᠠ ᠶᠢᠨ ᠰᠤᠶᠤᠯ ᠤᠨ ᠤᠶᠢᠯᠡᠴᠢᠯᠡᠭᠡᠨ ᠤ | ᠴᠢᠳᠠᠮᠵᠢ ᠶᠢ ᠪᠠᠳᠠᠷᠠᠭᠤᠯᠤᠨ᠂ ᠮᠠᠨ ᠤ ᠠᠶᠢᠮᠠᠭ ᠤᠨ ᠰᠤᠶᠤᠯ ︵ᠲᠡᠤᠬᠡᠨ ᠲᠤᠷᠠᠰᠬᠠᠯᠲᠤ ᠵᠦᠢᠯᠡᠰ︶ ᠤᠨ | ᠤᠶᠢᠯᠡᠰ ᠤᠨ ᠴᠡᠴᠡᠭᠯᠡᠯᠲᠡ ᠪᠠ ᠠᠵᠤ ᠠᠬᠤᠢ ᠨᠡᠶᠢᠭᠡᠮ ᠤᠨ ᠬᠦᠭᠵᠢᠯᠲᠠ ᠳᠤ ᠢᠳᠡᠪᠬᠢ ᠤᠶᠢᠯᠠᠲᠤᠯ ᠦᠵᠡᠭᠦᠯᠵᠠᠢ᠃ | |