ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ | ᠦᠷᠨᠢᠭᠦᠯᠵᠦ᠂ ᠬᠢᠯᠢ ᠬᠢᠵᠠᠭᠠᠷ ᠣᠷᠣᠨ ᠤ ᠣᠯᠠᠨ ᠲᠦᠮᠡᠨ ᠤ ᠡᠷᠡᠭᠦᠯ ᠮᠡᠨᠳᠦ ᠢ ᠠᠩᠬᠠᠷᠴᠦ᠂ ᠶᠠᠳᠠᠭᠤ | ᠬᠦᠴᠢᠷᠳᠡᠯᠲᠡᠢ ᠭᠡᠷ ᠪᠦᠯᠢ ᠶᠢᠨ ᠡᠪᠦᠳᠦᠭ ᠤᠨ ᠦᠶ᠎ᠡ ᠶᠢᠨ ᠡᠪᠡᠳᠴᠢᠲᠡᠨ ᠢ ᠬᠠᠪᠰᠤᠷᠤᠨ ᠡᠷᠡᠭᠦᠯᠵᠢᠭᠦᠯᠵᠦ ᠶᠢᠨ | ᠲᠦᠯᠦᠭᠡ᠂ 11 ᠰᠠᠷ᠎ᠠ ᠶᠢᠨ 18 ᠤ ᠡᠳᠦᠷ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠥᠪᠥᠷ | ᠮᠣᠩᠭᠤᠯ ᠤᠨ ᠬᠥᠮᠦᠯᠢᠭ ᠦᠵᠡᠯ ᠤᠨ ︽ᠲᠤᠰᠠᠯᠠᠬᠤ ᠠᠶᠠᠯᠠᠯ︾ ᠤᠨ ᠬᠢᠯᠢ ᠬᠢᠵᠠᠭᠠᠷ ᠣᠷᠣᠨ ᠤ ᠶᠠᠳᠠᠭᠤ | ᠬᠦᠴᠢᠷᠳᠡᠯᠲᠡᠢ ᠭᠡᠷ ᠪᠦᠯᠢ ᠶᠢᠨ ᠡᠪᠡᠳᠴᠢᠲᠡᠨ ᠤ ᠡᠪᠦᠳᠦᠭ ᠰᠡᠭᠦᠵᠢᠨ ᠤ ᠦᠶ᠎ᠡ ᠶᠢᠨ ᠡᠪᠡᠳᠴᠢᠲᠡᠨ ᠢ ᠠᠪᠤᠷᠠᠨ | ᠲᠤᠰᠠᠯᠠᠬᠤ ᠠᠵᠢᠯᠯᠠᠭ᠎ᠠ ᠥᠷᠨᠢᠭᠦᠯᠪᠡ᠃ | ᠡᠮᠴᠢᠯᠡᠭᠡᠨ ᠤ ᠠᠩᠭᠢ ᠶᠢᠨ ᠬᠢᠨ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠳᠤ ᠰᠢᠭᠰᠢᠨ ᠪᠠᠶᠢᠴᠠᠭᠠᠵᠤ | ᠣᠨᠣᠰᠢᠯᠠᠬᠤ ᠠᠵᠢᠯ ᠢ ᠥᠷᠨᠢᠭᠦᠯᠵᠦ᠂ ᠡᠪᠡᠳᠴᠢᠲᠡᠨ ᠨᠢᠭᠡᠪᠦᠷᠢ ᠶᠢᠨ ᠥᠩᠭᠡᠷᠡᠭᠰᠡᠨ ᠤ ᠡᠪᠡᠳᠴᠢᠨ ᠤ ᠪᠠᠶᠢᠳᠠᠯ ᠢ | ᠨᠠᠷᠢᠨ ᠠᠰᠠᠭᠤᠨ ᠯᠠᠪᠯᠠᠵᠤ᠂ CT ᠪᠠᠶᠢᠴᠠᠭᠠᠯᠳᠠ ᠬᠢᠵᠦ᠂ ᠡᠪᠡᠳᠴᠢᠲᠡᠨ ᠤ ᠬᠠᠮᠢᠶ᠎ᠠ ᠪᠦᠬᠦᠢ ᠪᠠᠶᠢᠳᠠᠯ ᠢ ᠨᠠᠷᠢᠨ | ᠣᠶᠢᠯᠠᠭᠠᠵᠤ᠂ ᠡᠪᠡᠳᠴᠢᠲᠡᠨ ᠵᠢᠴᠢ ᠭᠡᠷ ᠪᠦᠯᠢ ᠶᠢᠨ ᠬᠢᠨ ᠤ ᠠᠰᠠᠭᠤᠯᠳᠠ ᠶᠢ ᠬᠠᠷᠢᠭᠤᠯᠬᠤ ᠶᠢᠨ ᠬᠠᠮᠲᠤ ᠠᠪᠤᠷᠠᠨ | ᠲᠤᠰᠠᠯᠠᠬᠤ ᠨᠥᠬᠦᠴᠡᠯ ᠳᠤ ᠨᠡᠶᠢᠴᠡᠬᠦ ᠮᠥᠷᠲᠡᠭᠡᠨ ᠮᠡᠰᠡ ᠵᠠᠰᠠᠯ ᠬᠢᠬᠦ ᠳᠤ ᠲᠤᠬᠢᠷᠠᠮᠵᠢᠳᠠᠢ ᠡᠪᠡᠳᠴᠢᠲᠡᠨ ᠳᠤ | ᠲᠤᠬᠠᠢ ᠶᠢᠨ ᠲᠠᠯᠠᠪᠤᠷ ᠲᠤ ᠣᠨᠣᠰᠢᠯᠠᠯᠲᠠ ᠶᠢᠨ ᠪᠢᠴᠢᠭ ᠪᠢᠴᠢᠵᠦ ᠥᠭᠭᠦᠨ᠂ ᠠᠩᠬ᠎ᠠ ᠠᠯᠬᠤᠮ ᠤᠨ ᠰᠢᠭᠰᠢᠨ | ᠪᠠᠶᠢᠴᠠᠭᠠᠯᠲᠠ ᠪᠠᠷ ᠳᠡᠮᠵᠢᠨ᠂ ᠬᠠᠮᠤᠭ ᠰᠡᠭᠦᠯ ᠳᠤ 4 ᠡᠪᠡᠳᠴᠢᠲᠡᠨ ᠢ ᠠᠪᠤᠷᠠᠨ ᠲᠤᠰᠠᠯᠠᠬᠤ ᠨᠥᠬᠦᠴᠡᠯ ᠳᠤ | ᠨᠡᠶᠢᠴᠡᠭᠦᠯᠬᠦ ᠪᠠᠷ ᠲᠣᠭᠲᠠᠭᠠᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠬᠥᠮᠦᠯᠢᠭ ᠦᠵᠡᠯ ᠶᠢᠨ ᠬᠢᠯᠢ ᠬᠢᠵᠠᠭᠠᠷ ᠤᠨ ᠬᠦᠴᠢᠷᠳᠡᠯᠲᠠᠢ | ᠭᠡᠷ ᠪᠥᠯᠢ ᠶᠢᠨ ᠡᠪᠡᠳᠴᠢᠲᠠᠨ ᠤ ᠡᠪᠦᠳᠦᠭ ᠰᠡᠭᠦᠵᠢᠨ ᠤ ᠦᠶ᠎ᠠ ᠰᠤᠯᠢᠬᠤ ᠳᠤ ᠲᠤᠰᠠᠯᠠᠬᠤ ᠠᠵᠢᠯᠯᠠᠭ᠎ᠠ | ᠶᠠᠪᠤᠭᠳᠠᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠯᠢ | ᠬᠢᠵᠠᠭᠠᠷ ᠣᠷᠣᠨ ᠤ ᠬᠦᠴᠢᠷᠳᠡᠯᠲᠡᠢ ᠭᠡᠷ ᠪᠦᠯᠢ ᠶᠢᠨ ᠡᠪᠡᠳᠴᠢᠲᠡᠨ ᠢ ᠬᠠᠪᠰᠤᠷᠤᠨ ᠡᠷᠡᠭᠦᠯᠵᠢᠭᠦᠯᠵᠦ᠂ | ᠠᠮᠢᠳᠤᠷᠠᠯ ᠤᠨ ᠶᠠᠰᠤ ᠴᠢᠨᠠᠷ ᠢ ᠨᠢ ᠳᠡᠭᠡᠭᠰᠢᠯᠡᠭᠦᠯᠬᠦ ᠬᠥᠮᠥᠡᠯᠢᠭ ᠠᠪᠤᠷᠠᠨ ᠲᠤᠰᠠᠯᠠᠬᠤ ᠲᠥᠷᠥᠯ ᠵᠦᠢᠯ ᠶᠢᠨ ᠨᠢᠭᠡ | ᠪᠠᠶᠢᠵᠤ᠂ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠬᠢᠯᠢ ᠬᠢᠵᠠᠭᠠᠷ ᠣᠷᠣᠨ ᠢ | ᠲᠣᠭᠲᠠᠪᠤᠷᠢᠵᠢᠭᠤᠯᠤᠨ ᠬᠢᠯᠢ ᠬᠢᠵᠠᠭᠠᠷ ᠣᠷᠣᠨ ᠢ ᠪᠠᠬᠢᠵᠢᠭᠦᠯᠬᠦ︾᠂ ᠬᠢᠯᠢ ᠬᠢᠵᠠᠭᠠᠷ ᠣᠷᠣᠨ ᠤ ᠬᠦᠴᠢᠷᠳᠡᠯᠲᠡᠢ | ᠣᠯᠠᠨ ᠲᠦᠮᠡᠨ ᠳᠤ ᠦᠢᠯᠡᠴᠢᠯᠡᠵᠦ ᠠᠪᠤᠷᠠᠨ ᠲᠤᠰᠠᠯᠠᠬᠤ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ | ᠠᠪᠤᠷᠠᠨ ᠲᠤᠰᠠᠯᠠᠬᠤ ᠡᠲᠡᠭᠡᠳ ᠨᠢ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠪᠦᠬᠦᠯᠢ 55 ᠨᠠᠰᠤᠨ ᠠᠴᠠ | ᠳᠡᠭᠡᠭᠰᠢᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ᠂ ᠬᠢᠨᠠᠨ ᠰᠢᠯᠭᠠᠬᠤ | ᠬᠡᠪᠴᠢᠶᠡᠨ ᠳᠤ ᠣᠷᠣᠭᠤᠯᠤᠭᠰᠠᠨ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠵᠤ ᠣᠷᠣᠯᠭ᠎ᠠ ᠪᠠᠭᠠᠲᠠᠢ | ᠬᠦᠴᠢᠷᠳᠡᠯᠲᠡᠢ ᠭᠡᠷ ᠪᠦᠯᠢ ᠶᠢᠨ ᠡᠪᠦᠳᠦᠭ ᠤᠨ ᠦᠶ᠎ᠡ ᠶᠢᠨ ᠡᠪᠡᠳᠴᠢᠲᠡᠨ ᠪᠣᠯᠣᠨ᠎ᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠦᠴᠢᠷᠳᠡᠯᠲᠡᠢ ᠣᠯᠠᠨ ᠲᠦᠮᠡᠨ ᠤ ᠡᠮ | ᠡᠮᠨᠡᠯᠭᠡ ᠶᠢᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠨᠠᠩ ᠣᠯᠠᠨ ᠶᠠᠳᠠᠭᠤ ᠬᠦᠴᠢᠷᠳᠡᠯᠲᠡᠢ ᠡᠪᠦᠳᠦᠭ | ᠰᠡᠭᠦᠵᠢᠨ ᠤ ᠦᠶ᠎ᠡ ᠶᠢᠨ ᠡᠪᠡᠳᠴᠢᠲᠡᠨ ᠤ ᠠᠮᠢᠳᠤᠷᠠᠯ ᠤᠨ ᠬᠦᠴᠢᠷᠳᠡᠯ ᠠᠴᠠ ᠠᠩᠭᠢᠵᠢᠷᠠᠭᠤᠯᠵᠤ᠂ ᠰᠠᠶᠢᠨ ᠰᠠᠶᠢᠬᠠᠨ | ᠠᠮᠢᠳᠤᠷᠠᠯ ᠢ ᠡᠳ᠋ᠯᠡᠬᠦ ᠳᠤ ᠬᠦᠴᠤᠨ ᠨᠡᠮᠡᠷᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠲᠣᠰ ᠤᠳᠠᠭᠠᠨ ᠤ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠪᠠᠷ ᠠᠵᠠ ᠲᠣᠬᠢᠶᠠᠯ | ᠪᠣᠯᠭᠠᠵᠤ᠂ ᠨᠠᠩ ᠣᠯᠠᠨ ᠬᠥᠮᠦᠯᠢᠭ ᠦᠵᠡᠯ ᠤᠨ ᠠᠪᠤᠷᠠᠨ ᠲᠤᠰᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ | ᠂ ᠨᠡᠶᠢᠭᠡᠮ ᠤᠨ ᠡᠯ᠎ᠡ ᠡᠲᠡᠭᠡᠳ ᠤᠨ ᠬᠦᠴᠦᠨ ᠢ ᠲᠥᠪᠯᠡᠷᠡᠭᠦᠯᠦᠨ ᠬᠦᠴᠢᠷᠳᠡᠯᠲᠡᠢ ᠣᠯᠠᠨ ᠲᠦᠮᠡᠨ ᠢ ᠬᠠᠪᠰᠤᠷᠴᠤ᠂ | ᠲᠡᠳᠡᠨ ᠳᠤ ᠨᠠᠮ ᠪᠠ ᠤᠯᠤᠰ ᠵᠢᠴᠢ ᠨᠡᠶᠢᠭᠡᠮ ᠤᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃ |