ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠦᠨᠳᠦᠰᠦ ᠬᠠᠳᠬᠤᠵᠤ ᠰᠣᠶᠣᠭᠠᠯᠠᠬᠤ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ | ᠪᠠᠶᠢᠭᠠᠳ ᠦᠵᠡᠯ ᠰᠠᠨᠠᠭᠠᠨ ᠤ ᠲᠠᠯ᠎ᠠ ᠪᠠᠷ ᠨᠠᠮ ᠤᠨ ᠠᠴᠢ ᠶᠢ ᠨᠠᠩ ᠴᠢᠩ ᠰᠡᠳᠬᠢᠯ ᠠᠴᠠ ᠪᠠᠨ ᠣᠶᠢᠯᠠᠭᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ ᠦᠢᠯᠡᠳᠦᠯᠭᠡ ᠪᠠᠨ ᠵᠢᠯᠣᠭᠤᠳᠤᠨ᠂ | ᠠᠵᠢᠯ ᠢᠶᠠᠨ ᠠᠬᠢᠭᠤᠯᠵᠤ᠂ ᠰᠤᠷᠤᠯᠴᠠᠭᠰᠠᠨ ᠦᠷ᠎ᠡ ᠪᠦᠲᠦᠭᠡᠯ ᠢᠶᠠᠨ ᠠᠵᠢᠯ ᠬᠢᠵᠦ ᠦᠢᠯᠡᠰ ᠴᠣᠭᠴᠠᠯᠠᠬᠤ ᠪᠣᠳᠠᠲᠠᠢ | ᠴᠢᠳᠠᠪᠤᠷᠢ ᠪᠣᠯᠭᠠᠨ ᠬᠤᠪᠢᠷᠠᠭᠤᠯᠬᠤ ᠶᠢᠨ ᠲᠦᠯᠦᠭᠡ᠂ ᠦᠢᠷ᠎ᠠ ᠶᠢᠨ ᠡᠳᠤᠷ ᠬᠤᠰᠢᠭᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠠᠴᠠ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠳᠤ ︽ᠨᠠᠮ ᠤᠨ ᠠᠴᠢ ᠳᠤ | ᠲᠠᠯᠠᠷᠬᠠᠨ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠲᠠᠭᠠᠨ ᠤᠷᠤᠭᠰᠢᠯᠠᠶ᠎ᠠ︾ ᠭᠤᠣᠯ ᠰᠡᠳᠦᠪᠲᠦ | ᠲᠠᠶᠢᠯᠤᠮᠵᠢ ᠬᠢᠵᠠᠢ᠃ | ᠲᠠᠶᠢᠯᠤᠮᠵᠢ ᠳᠤ ᠬᠤᠰᠢᠭᠤ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ | ᠪᠦᠷᠢᠯᠳᠦᠭᠦᠨ᠂ ᠬᠤᠰᠢᠭᠤ ᠨᠠᠮ ᠤᠨ ᠰᠤᠷᠭᠠᠭᠤᠯᠢ ᠶᠢᠨ ᠳᠡᠳ᠋ ᠫᠷᠦᠹᠧᠰᠰᠤᠷ ᠸᠧᠢ ᠹᠧᠩ ᠼᠠᠢ ᠠᠴᠠ ︽ᠨᠠᠮ ᠤᠨ | ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠤᠨᠤᠰᠤᠨ᠂ ᠨᠠᠮ ᠢᠶᠠᠨ ᠲᠠᠭᠠᠨ ᠤᠷᠤᠭᠰᠢᠯᠠᠶ᠎ᠠ︾ ᠭᠡᠬᠦ ᠭᠤᠣᠯ | ᠰᠡᠳᠤᠪᠲᠤ ᠲᠠᠶᠢᠯᠤᠮᠵᠢ ᠬᠢᠵᠡᠢ᠃ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠣᠯᠣᠨ ᠶᠣᠰᠣ ᠤᠴᠢᠷ ᠢ | ᠪᠠᠲᠤ ᠴᠡᠭᠡᠵᠢᠯᠡᠵᠦ᠂ ︽ᠲᠠᠪᠤᠨ ᠶᠡᠭᠡ ᠡᠭᠦᠷᠭᠡ︾ ᠶᠢ ᠴᠢᠷᠮᠠᠶᠢᠨ ᠪᠡᠶᠡᠯᠡᠭᠦᠯᠬᠦ ᠪᠠ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠦᠷᠭᠦᠯᠵᠢᠯᠡᠨ ᠰᠠᠶᠢᠲᠤᠷ ᠪᠠᠶᠢᠭᠤᠯᠬᠤ ᠭᠤᠷᠪᠠᠨ ᠲᠠᠯ᠎ᠠ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ᠂ | ᠪᠦᠬᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠵᠡᠢ᠃ | ᠲᠠᠶᠢᠯᠤᠮᠵᠢ ᠶᠢ ᠰᠣᠨᠣᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ᠂ ︽ᠰᠠᠨᠠᠯ ︾ ᠨᠢ ᠥᠪᠥᠷ | ᠮᠣᠩᠭᠤᠯ ᠤᠨ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠥᠪᠥᠷ | ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠶᠤᠮ ᠭᠡᠵᠦ ᠰᠠᠨᠠᠯ | ᠨᠢᠭᠡᠲᠡᠢ ᠢᠯᠡᠳᠬᠡᠪᠡ᠃ ᠬᠤᠶᠢᠰᠢᠳᠠ ᠶᠢᠨ ᠠᠵᠢᠯ ᠳᠤᠮᠳᠠ ᠪᠠᠨ ︽ᠲᠠᠪᠤᠨ ᠥᠭᠦᠯᠡᠪᠦᠷᠢ︾ ᠶᠢᠨ ᠪᠣᠳᠠᠲᠤ ᠶᠠᠪᠤᠳᠠᠯ | ᠪᠠ ᠶᠣᠰᠣ ᠤᠴᠢᠷ ᠢ ᠢᠮᠠᠭᠲᠠ ᠪᠠᠲᠤ ᠴᠡᠭᠡᠵᠢᠯᠡᠵᠦ᠂ ︽ᠰᠠᠨᠠᠯ︾ ᠤᠨ ᠰᠤᠷᠤᠯᠴᠠᠯᠭ᠎ᠠ ᠪᠠᠨ ᠲᠠᠰᠤᠷᠠᠯᠲᠠ ᠦᠭᠡᠢ | ᠭᠦᠨᠵᠡᠭᠡᠶᠢᠷᠡᠭᠦᠯᠵᠦ᠂ ᠨᠠᠮ ᠤᠨ ᠲᠥᠪ ᠬᠤᠷᠢᠶ᠎ᠠ ᠪᠠ ᠲᠦᠷᠦ ᠶᠢᠨ ᠶᠠᠪᠤᠳᠠᠯ ᠤᠨ ᠬᠤᠷᠢᠶᠠᠨ ᠤ ᠬᠠᠯᠠᠮᠵᠢᠯᠠᠯ ᠢ | ᠰᠡᠳᠬᠢᠯ ᠢᠶᠠᠨ ᠨᠢᠭᠲᠠᠷᠠᠭᠤᠯᠬᠤ ᠲᠡᠮᠡᠴᠡᠯ ᠤᠨ ᠵᠣᠷᠢᠭ ᠰᠠᠨᠠᠭ᠎ᠠ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ | ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ | ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ ᠨᠠᠮ ᠤᠨ ᠭᠡᠰᠢᠭᠦᠨ ᠤ ᠬᠦᠴᠦᠨ ᠴᠢᠳᠠᠯ ᠢᠶᠠᠨ | ᠡᠷᠭᠦᠨ᠎ᠡ ᠭᠡᠵᠠᠢ᠃ | ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠤᠬᠠᠭᠤᠯᠬᠤ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ | ᠡᠯ᠎ᠡ ᠬᠡᠯᠳᠡᠰ ᠵᠥᠪᠯᠡᠯ ᠠᠯᠪᠠᠨ ᠭᠡᠷ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ᠂ ᠡᠯ᠎ᠡ ᠠᠷᠠᠳ ᠤᠨ | ᠪᠦᠯᠬᠦᠮ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠤᠰᠢᠭᠤ ᠣᠨᠣᠯ ᠤᠨ ᠰᠤᠷᠤᠯᠴᠠᠯᠭ᠎ᠠ ᠶᠢᠨ ᠬᠥᠩᠭᠡᠨ | ᠮᠣᠷᠢᠲᠤ ᠴᠡᠷᠢᠭ᠂ ᠤᠯᠠᠭᠠᠨ ᠪᠢᠴᠢᠭ ᠤᠨ ᠪᠣᠭᠴᠣ᠂ ᠤᠯᠠᠭᠠᠨ ᠠᠨᠠᠷ᠂ 8090 ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠭᠦᠨ ᠵᠡᠷᠭᠡ 80 ᠭᠠᠷᠤᠢ ᠬᠥᠮᠥᠨ ᠲᠣᠰ ᠤᠳᠠᠭᠠᠨ ᠤ ᠭᠤᠣᠯ ᠰᠡᠳᠤᠪᠲᠤ ᠲᠠᠶᠢᠯᠤᠮᠵᠢ ᠳᠤ | ᠣᠷᠣᠯᠴᠠᠵᠠᠢ᠃ |