ᠰᠢᠯᠢ ᠶᠢᠨ ᠭᠤᠤᠯ ᠠᠶᠢᠮᠠᠭ ᠤᠨ ᠮᠦᠽᠧᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/12/4
      ᠰᠢᠯᠢ ᠶᠢᠨ ᠬᠤᠲᠠ ᠶᠢᠨ ᠰᠢᠯᠢ ᠶᠢᠨ ᠭᠤᠤᠯ ᠰᠤᠶᠤᠯ ᠤᠨ ᠦᠪ ᠤᠨ ᠬᠦᠷᠢᠶᠡᠯᠡᠩ ᠳᠤ ᠪᠠᠶᠢᠷᠢᠯᠠᠭᠰᠠᠨ ᠰᠢᠯᠢ ᠶᠢᠨ ᠭᠤᠤᠯ ᠠᠶᠢᠮᠠᠭ ᠤᠨ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶᠠᠨ ᠳᠤ ᠬᠠᠷᠢᠶᠠᠯᠠᠭᠲᠠᠬᠤ᠂ ᠨᠠᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠶᠢᠯᠡᠰ ᠤᠨ ᠨᠢᠭᠡᠴᠡ ᠪᠤᠯᠬᠤ ᠰᠢᠯᠢ ᠶᠢᠨ ᠭᠤᠤᠯ ᠠᠶᠢᠮᠠᠭ ᠤᠨ ᠮᠦᠽᠧᠢ ᠶᠢ 2004 ᠤᠨ ᠳᠤ ᠡᠬᠢᠯᠡᠨ ᠪᠠᠶᠢᠭᠤᠯᠵᠤ᠂ 2009 ᠤᠨ ᠤ ᠨᠠᠢᠮᠠᠲᠤᠭᠠᠷ ᠰᠠᠷ᠎ᠠ ᠠᠴᠠ ᠤᠯᠠᠨ ᠨᠠᠶᠢᠲᠡ ᠳᠤ ᠲᠥᠯᠥᠪᠤᠷᠢ ᠦᠭᠡᠢ ᠨᠡᠭᠡᠭᠡᠭᠰᠡᠨ ᠶᠤᠮ᠃ ᠲᠤᠰ ᠮᠦᠽᠧᠢ ᠨᠢ ᠲᠡᠤᠬᠡᠨ ᠲᠤᠷᠠᠰᠬᠠᠯᠲᠤ ᠵᠦᠢᠯᠡᠰ ᠢ ᠡᠯᠰᠡᠨ ᠴᠤᠭᠯᠠᠭᠤᠯᠬᠤ᠂ ᠬᠦᠮᠤᠷᠭᠡ ᠳᠤ ᠤᠷᠤᠭᠤᠯᠤᠨ ᠭᠠᠷᠭᠠᠬᠤ᠂ ᠲᠡᠯᠭᠡᠨ ᠦᠵᠡᠭᠦᠯᠬᠦ᠂ ᠬᠠᠮᠠᠭᠠᠯᠠᠬᠤ᠂ ᠰᠡᠯᠪᠢᠨ ᠰᠡᠷᠭᠦᠭᠡᠬᠦ᠂ ᠮᠡᠳᠡᠭᠡ ᠵᠠᠩᠭᠢ ᠶᠢ ᠴᠤᠭᠯᠠᠭᠤᠯᠬᠤ ᠪᠠ ᠰᠤᠲᠤᠯᠬᠤ ᠵᠢᠴᠢ ᠲᠡᠤᠬᠡᠨ ᠲᠤᠷᠠᠰᠬᠠᠯᠲᠤ ᠵᠦᠢᠯᠡᠰ ᠤᠨ ᠬᠠᠮᠢᠶ᠎ᠠ ᠪᠦᠬᠦᠢ ᠮᠠᠲ᠋ᠧᠷᠢᠶᠠᠯ ᠢ ᠲᠠᠩᠰᠠᠯᠠᠨ ᠲᠡᠮᠳᠡᠭᠯᠡᠬᠦ᠂ ᠨᠡᠶᠢᠭᠡᠮ ᠤᠨ ᠰᠤᠷᠭᠠᠨ ᠬᠦᠮᠤᠵᠢᠯ᠂ ᠲᠡᠯᠭᠡᠨ ᠦᠵᠡᠭᠦᠯᠤᠯᠭᠡ ᠶᠢᠨ ᠲᠠᠩᠬᠢᠮ ᠢ ᠬᠠᠮᠠᠭᠠᠯᠠᠨ ᠬᠠᠮᠢᠶᠠᠷᠬᠤ ᠠᠵᠢᠯ ᠢ ᠭᠤᠤᠯᠯᠠᠨ ᠬᠠᠷᠢᠭᠤᠴᠠᠬᠤ ᠶᠢᠨ ᠲᠠᠭᠠᠤ ᠬᠤᠷᠢᠶᠠᠨ ᠬᠠᠳᠠᠭᠠᠯᠠᠬᠤ᠂ ᠲᠡᠯᠭᠡᠨ ᠦᠵᠡᠭᠦᠯᠬᠦ᠂ ᠰᠤᠲᠤᠯᠬᠤ᠂ ᠬᠠᠭᠤᠴᠢ ᠰᠤᠲᠤᠯᠤᠯ᠂ ᠨᠠᠶᠢᠲᠡ ᠶᠢᠨ ᠰᠤᠷᠭᠠᠨ ᠬᠦᠮᠤᠵᠢᠯ᠂ ᠰᠤᠶᠤᠯ ᠤᠨ ᠰᠤᠯᠢᠯᠴᠠᠭ᠎ᠠ ᠶᠢ ᠨᠢᠭᠡᠳᠬᠡᠭᠰᠡᠨ ᠶᠡᠷᠥᠩᠬᠡᠶᠢᠯᠡᠭᠰᠡᠨ ᠴᠢᠨᠠᠷᠲᠠᠢ ᠮᠦᠽᠧᠢ ᠪᠤᠯᠤᠨ᠎ᠠ᠃      ᠮᠦᠽᠧᠢ ᠶᠢᠨ ᠶᠡᠷᠤᠩᠬᠡᠢ ᠲᠠᠯᠠᠪᠠᠢ 2.1 ᠲᠦᠮᠡᠨ ᠬᠠᠪᠲᠠᠭᠠᠢ ᠲᠦᠷᠪᠡᠯᠵᠢᠨ ᠮᠧᠲᠷ᠂ ᠲᠡᠯᠭᠡᠨ ᠦᠵᠡᠭᠦᠯᠤᠯᠭᠡ  ᠶᠢᠨ ᠲᠠᠩᠬᠢᠮ ᠤᠨ ᠲᠠᠯᠠᠪᠠᠢ 1.2 ᠲᠦᠮᠠᠨ ᠬᠠᠪᠲᠠᠭᠠᠢ ᠲᠦᠷᠪᠡᠯᠵᠢᠨ ᠮᠧᠲᠷ᠂ ᠬᠦᠮᠦᠷᠭᠡ ᠶᠢᠨ ᠲᠠᠯᠠᠪᠠᠢ 2000 ᠬᠠᠪᠲᠠᠭᠠᠢ ᠲᠦᠷᠪᠡᠯᠵᠢᠨ ᠮᠧᠲᠷ᠂ 1000 ᠰᠢᠬᠠᠮ ᠲᠡᠤᠬᠡᠨ ᠲᠤᠷᠠᠰᠬᠠᠯᠲᠤ ᠵᠦᠢᠯᠡᠰ ᠢ ᠬᠠᠮᠠᠭᠠᠯᠠᠨ ᠬᠠᠳᠠᠭᠠᠯᠠᠵᠤ᠂ ᠵᠢᠯ ᠤᠨ ᠲᠤᠮᠲᠠᠴᠢ ᠲᠤᠭᠤᠷᠢᠨ ᠵᠤᠭᠠᠴᠠᠭᠴᠢᠳ 45 ᠲᠦᠮᠨ ᠶᠢ ᠲᠠᠪᠠᠵᠤ ᠪᠤᠢ᠃ ᠮᠦᠽᠧᠢ ᠨᠢ 13 ᠲᠡᠯᠭᠡᠨ ᠦᠵᠡᠭᠦᠯᠤᠯᠭᠡ ᠶᠢᠨ ᠲᠠᠩᠬᠢᠮ ᠲᠠᠢ᠂ ᠲᠡᠯᠭᠡᠨ ᠦᠵᠡᠭᠦᠯᠦᠯᠭᠡ ᠪᠠᠨ ᠤᠨᠴᠠᠯᠢᠭᠲᠤ ᠦᠵᠡᠭᠦᠯᠦᠯᠭᠡ᠂ ᠪᠠᠶᠢᠩᠭᠤ ᠶᠢᠨ ᠦᠵᠡᠭᠦᠯᠦᠯᠭᠡ ᠪᠠ ᠲᠦᠷ ᠴᠠᠭ ᠤᠨ ᠦᠵᠡᠭᠦᠯᠦᠯᠭᠡ ᠭᠡᠵᠤ ᠠᠩᠭᠢᠯᠠᠨ᠂ ︽ᠤᠮᠠᠷᠠᠲᠤ ᠸᠧᠢ ᠤᠯᠤᠰ ᠤᠨ ᠦᠶ᠎ᠡ ᠶᠢᠨ ᠢᠵᠠᠭᠤᠷᠲᠠᠨ ᠤ ᠤᠩᠭᠤᠨ ᠤ ᠦᠵᠡᠭᠦᠯᠦᠯᠭᠡ︾᠂ ︽ᠮᠤᠩᠭᠤᠯ ᠬᠠᠭᠠᠨᠲᠤ ᠤᠯᠤᠰ︾᠂ ︽ᠲᠠᠯ᠎ᠠ ᠨᠤᠲᠤᠭ ᠤᠨ ᠲᠠᠩᠰᠤᠭ ᠠᠶᠠᠯᠭᠤ︾᠂ ︽ᠰᠢᠯᠢ ᠶᠢᠨ ᠭᠤᠤᠯ ᠤᠨ ᠨᠡᠪᠲᠡᠷᠬᠡᠢ ᠲᠡᠤᠬᠡ︾ ᠵᠢᠴᠢ ᠲᠦᠷ ᠴᠠᠭ ᠤᠨ ᠦᠵᠡᠭᠦᠯᠤᠯᠭᠡ ᠪᠠᠷ ᠪᠦᠷᠢᠯᠳᠤᠵᠠᠢ᠃ ᠮᠦᠽᠧᠢ ᠶᠢᠨ ᠪᠦᠬᠦ ᠠᠵᠢᠯᠲᠠᠨ 25 ᠬᠦᠮᠤᠨ᠂ ᠡᠭᠦᠨ ᠳᠤ ᠤᠷᠤᠨ ᠲᠤᠭ᠎ᠠ ᠪᠦᠬᠦᠢ ᠠᠵᠢᠯᠲᠠᠨ 7 ᠬᠦᠮᠤᠨ᠂ ᠤᠷᠤᠨ ᠲᠤᠭᠠᠨ ᠤ ᠪᠤᠰᠤ ᠠᠵᠢᠯᠲᠠᠨ 17 ᠬᠦᠮᠤᠨ᠂ ᠣᠷᠢᠨ ᠠᠪᠴᠢᠷᠠᠭᠰᠠᠨ ᠴᠢᠳᠠᠪᠤᠷᠢᠲᠠᠨ 1 ᠬᠦᠮᠤᠨ ᠪᠤᠢ᠃ ᠪᠠᠶᠢᠭᠤᠯᠭ᠎ᠠ ᠨᠢᠭᠡᠴᠡ ᠳᠤ 10 ᠭᠡᠯᠲᠡᠰ ᠲᠤᠬᠢᠷᠠᠭᠤᠯᠤᠨ᠂ ᠲᠤᠰ ᠪᠦᠷᠢ ᠶᠡᠷᠥᠩᠬᠡᠶᠢᠯᠡᠭᠰᠡᠨ ᠠᠯᠪᠠᠨ ᠭᠡᠷ᠂ ᠡᠳ᠋ ᠤᠨ ᠶᠠᠪᠤᠲᠠᠯ᠂ ᠲᠡᠯᠭᠡᠨ ᠦᠵᠡᠭᠦᠯᠤᠯᠭᠡ ᠪᠠ ᠮᠡᠳᠡᠭᠡ ᠵᠠᠩᠭᠢ᠂ ᠨᠡᠶᠢᠭᠡᠮ ᠤᠨ ᠰᠤᠷᠭᠠᠨ ᠬᠦᠮᠤᠵᠢᠯ᠂ ᠰᠤᠳᠤᠯᠤᠨ ᠰᠢᠨᠵᠢᠬᠦ᠂ ᠲᠡᠤᠬᠡᠨ ᠲᠤᠷᠠᠰᠬᠠᠯᠲᠤ ᠵᠦᠢᠯᠡᠰ ᠢ ᠬᠤᠷᠢᠶᠠᠨ ᠬᠠᠳᠠᠭᠠᠯᠠᠬᠤ᠂ ᠡᠯᠰᠡᠨ ᠴᠤᠭᠯᠠᠭᠤᠯᠬᠤ᠂ ᠲᠡᠤᠬᠡᠨ ᠲᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠰᠡᠯᠪᠢᠨ ᠰᠡᠷᠭᠦᠭᠡᠬᠦ᠂ ᠰᠤᠶᠤᠯ ᠤᠨ ᠡᠭᠦᠲᠤᠨ ᠪᠦᠲᠤᠭᠡᠯᠲᠡ ᠶᠢᠨ ᠤᠶᠢᠯᠡᠳᠬᠦᠨ᠂ ᠠᠮᠤᠷ ᠲᠦᠪᠰᠢᠨ ᠢ ᠪᠠᠲᠤᠯᠠᠬᠤ ᠵᠡᠷᠭᠡ ᠭᠡᠯᠲᠡᠰ ᠨᠢ ᠠᠵᠢᠯ ᠤᠨ ᠬᠡᠷᠡᠭᠴᠡᠭᠡᠨ ᠤ ᠲᠤᠭᠤᠷᠢᠨ ᠳᠤ ᠠᠵᠢᠯ ᠢᠶᠠᠨ ᠶᠠᠪᠤᠭᠳᠠᠭᠤᠯᠵᠤ ᠪᠠᠶᠢᠨ᠎ᠠ᠃      ᠰᠢᠯᠢ ᠶᠢᠨ ᠭᠤᠤᠯ ᠠᠶᠢᠮᠠᠭ ᠤᠨ ᠮᠦᠽᠧᠢ ᠨᠢ ᠴᠢᠳᠠᠪᠤᠷᠢᠲᠠᠨ ᠢᠶᠠᠷ ᠮᠦᠽᠧᠢ ᠪᠠᠨ ᠴᠤᠭᠴᠠᠯᠠᠵᠤ᠂ ᠰᠢᠨᠵᠢᠯᠡᠭᠦ ᠤᠬᠠᠭᠠᠨᠴᠢ ᠪᠠᠷ ᠮᠦᠽᠧᠢ ᠪᠠᠨ ᠬᠦᠭᠵᠢᠭᠦᠯᠬᠦ ᠶᠢ ᠵᠤᠷᠢᠨ᠂ ᠨᠡᠶᠢᠭᠡᠮ ᠤᠨ ᠡᠯ᠎ᠡ ᠡᠲᠡᠭᠡᠳ ᠲᠤ ᠬᠠᠨᠲᠤᠨ          ︽5 · 18︾ ᠲᠡᠯᠡᠬᠡᠢ ᠶᠢᠨ ᠮᠦᠽᠧᠢ ᠶᠢᠨ ᠡᠲᠤᠷ᠂ ᠰᠤᠶᠤᠯ ᠪᠠ ᠪᠠᠶᠢᠭᠠᠯᠢ ᠶᠢᠨ ᠦᠪ ᠤᠨ ᠡᠲᠤᠷ᠂ ᠲᠠᠯ᠎ᠠ ᠨᠤᠲᠤᠭ ᠤᠨ ᠰᠤᠶᠤᠯ ᠤᠨ ᠦᠪ ᠤᠨ ᠡᠲᠤᠷ ᠵᠡᠷᠭᠡ ᠭᠤᠤᠯ ᠰᠡᠲᠤᠪᠲᠤ ᠰᠤᠶᠤᠯ ᠤᠨ ᠤᠬᠠᠭᠤᠯᠭ᠎ᠠ ᠶᠢᠨ ᠠᠵᠢᠯᠯᠠᠭ᠎ᠠ ᠪᠠ ᠲᠦᠷ ᠴᠠᠭ ᠤᠨ ᠦᠵᠡᠭᠦᠯᠤᠯᠭᠡ ᠶᠢ ᠦᠷᠨᠢᠭᠦᠯᠤᠨ᠂ ᠦᠵᠡᠭᠦᠯᠤᠯᠭᠡ ᠪᠠᠷ ᠲᠠᠮᠵᠢᠨ ᠤᠯᠠᠨ ᠨᠠᠶᠢᠲᠡ  ᠲᠠᠢ ᠰᠣᠯᠢᠯᠴᠠᠭ᠎ᠠ ᠪᠠᠨ ᠴᠢᠩᠭᠠᠳᠬᠠᠬᠤ ᠶᠢᠨ ᠲᠠᠭᠠᠤ ︽ᠰᠢᠯᠢ ᠶᠢᠨ ᠭᠤᠤᠯ ᠰᠤᠶᠤᠯ ᠲᠡᠤᠬᠡ ᠶᠢᠨ ᠰᠤᠷᠤᠯᠴᠠᠭᠠᠨ ᠤ ᠲᠠᠪᠴᠠᠩ︾᠂ ︽ᠪᠢᠴᠢᠬᠠᠨ ᠲᠠᠶᠢᠯᠪᠤᠷᠢᠯᠠᠭᠴᠢ︾ ᠵᠡᠷᠭᠡ ᠨᠡᠶᠢᠭᠡᠮ ᠤᠨ ᠰᠤᠷᠭᠠᠨ ᠬᠦᠮᠤᠵᠢᠯ ᠤᠨ ᠠᠵᠢᠯᠯᠠᠭ᠎ᠠ ᠶᠢ ᠦᠷᠨᠢᠭᠦᠯᠵᠤ᠂ ᠰᠤᠷᠭᠠᠭᠤᠯᠢ᠂ ᠴᠡᠷᠢᠭ ᠤᠨ ᠲᠤᠭᠤᠷᠢᠭ᠂ ᠠᠵᠤ ᠠᠬᠤᠶᠢᠯᠠᠯ᠂ ᠨᠡᠶᠢᠭᠡᠮ ᠲᠤᠭᠤᠷᠢᠭ ᠲᠤ ᠭᠦᠨᠵᠡᠭᠡᠶᠢᠷᠡᠨ ᠰᠢᠯᠢ ᠶᠢᠨ ᠭᠤᠤᠯ ᠠᠶᠢᠮᠠᠭ ᠤᠨ ᠮᠦᠽᠧᠢ ᠶᠢᠨ ᠤᠶᠤᠨ ᠤ ᠪᠤᠯᠪᠠᠰᠤᠨ ᠤ ᠪᠠᠶᠢᠭᠤᠯᠤᠯᠲᠠ ᠪᠠ ᠰᠢᠨᠵᠢᠯᠡᠭᠦ ᠤᠬᠠᠭᠠᠨ ᠰᠤᠷᠭᠠᠨ ᠬᠦᠮᠤᠵᠢᠯ ᠤᠨ ᠪᠠᠬᠢᠯᠡᠯᠲᠡ ᠳᠠᠬᠢ ᠨᠡᠶᠢᠲᠠ ᠶᠢᠨ ᠰᠤᠶᠤᠯ ᠤᠨ ᠤᠶᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠤᠨ᠂ ᠮᠠᠨ ᠤ ᠠᠶᠢᠮᠠᠭ ᠤᠨ ᠰᠤᠶᠤᠯ ︵ᠲᠡᠤᠬᠡᠨ ᠲᠤᠷᠠᠰᠬᠠᠯᠲᠤ ᠵᠦᠢᠯᠡᠰ︶ ᠤᠨ ᠤᠶᠢᠯᠡᠰ ᠤᠨ ᠴᠡᠴᠡᠭᠯᠡᠯᠲᠡ ᠪᠠ ᠠᠵᠤ ᠠᠬᠤᠢ ᠨᠡᠶᠢᠭᠡᠮ ᠤᠨ ᠬᠦᠭᠵᠢᠯᠲᠠ ᠳᠤ ᠢᠳᠡᠪᠬᠢ ᠤᠶᠢᠯᠠᠲᠤᠯ ᠦᠵᠡᠭᠦᠯᠵᠠᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号