ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠤᠪᠲᠤ ᠬᠥᠮᠦᠵᠢᠯ ᠤᠨ ᠤᠳᠤᠷᠢᠳᠬᠤ ᠳᠤᠭᠤᠶᠢᠯᠠᠩ ᠤᠨ  ᠭᠤᠷᠪᠠᠳᠤᠭᠠᠷ  ᠤᠳᠠᠭᠠᠨ ᠤ  ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/5
      11 ᠰᠠᠷ᠎ᠠ ᠶᠢᠨ 19 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠵᠧᠦ ᠸᠧ ᠮᠢᠨ ᠬᠤᠰᠢᠭᠤ ᠨᠠᠮ ᠤᠨ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠭᠤᠷᠪᠠᠳᠤᠭᠠᠷ ᠤᠳᠠᠭᠠᠨ ᠤ ᠬᠤᠷᠠᠯ ᠢ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠡᠯ᠎ᠡ ᠳᠡᠳ᠋ ᠡᠷᠬᠢᠯᠡᠭᠴᠢ᠂ ᠡᠯ᠎ᠡ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠬᠤᠰᠢᠭᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠡᠯ᠎ᠡ ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠠᠢ᠃      ᠬᠤᠷᠠᠯ ᠠᠴᠠ ᠯᠢ ᠭᠠᠨ ᠵᠢᠶᠧ ᠨᠥᠬᠦᠷ ᠤᠨ ᠭᠤᠣᠯ ᠰᠡᠳᠦᠪᠲᠦ ᠰᠤᠷᠭᠠᠨ ᠬᠥᠮᠦᠵᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ 9 ᠵᠣᠬᠢᠴᠠᠭᠤᠯᠤᠨ ᠬᠠᠷᠢᠯᠴᠠᠬᠤ ᠳᠤᠭᠤᠶᠢᠯᠠᠩ ᠤᠨ ᠬᠤᠯᠪᠣᠭ᠎ᠠ ᠠᠪᠴᠤ ᠵᠢᠯᠣᠭᠤᠳᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠡᠭᠴᠡᠯᠡᠨ ᠰᠠᠶᠢᠵᠢᠷᠠᠭᠤᠯᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠵᠦ ᠪᠠᠶᠢᠴᠠᠭᠠᠨ ᠦᠵᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠯᠪᠣᠭ᠎ᠠ ᠠᠪᠴᠤ ᠵᠢᠯᠤᠭᠤᠳᠬᠤ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠲᠦᠷᠭᠡᠨ ᠪᠡᠶᠡᠯᠡᠭᠦᠯᠵᠦ᠂ ᠠᠰᠠᠭᠤᠳᠠᠯ ᠢ ᠲᠤᠶᠢᠯᠪᠤᠷᠢᠲᠠᠢ ᠥᠭᠡᠷᠡᠴᠢᠯᠡᠬᠦ᠂ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠢᠯ ᠤᠨ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠷᠭᠡᠨ ᠠᠬᠢᠭᠤᠯᠵᠤ᠂ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠳᠦᠷᠢᠮ ᠢᠶᠠᠷ ᠬᠢᠵᠠᠭᠠᠷᠯᠠᠬᠤ᠂ ᠲᠣᠭᠲᠠᠴᠠ ᠪᠠᠷ ᠠᠯᠳᠠᠰᠢ ᠭᠠᠷᠬᠤ ᠶᠢ ᠬᠤᠷᠢᠭᠯᠠᠬᠤ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠲᠣᠭᠲᠠᠴᠠ ᠶᠢ ᠪᠦᠷᠢᠨᠰᠢᠭᠦᠯᠦᠨ ᠪᠠᠬᠢᠵᠢᠭᠦᠯᠵᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠠᠪᠤᠴᠠ ᠳᠠᠬᠢ ᠰᠢᠯᠢᠳᠡᠭ ᠠᠷᠭ᠎ᠠ ᠬᠢᠳᠡᠯ ᠪᠣᠯᠣᠨ ᠲᠡᠷᠢᠭᠦᠨ ᠤ ᠲᠤᠷᠰᠢᠯᠭ᠎ᠠ ᠶᠢ ᠳ᠋ᠦᠩᠨᠡᠵᠦ᠂ ᠦᠷ᠎ᠡ ᠪᠦᠲᠦᠭᠡᠯ ᠢ ᠴᠠᠭ ᠲᠤᠬᠠᠢ ᠳᠤᠨᠢ ᠪᠠᠲᠤᠳᠬᠠᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠶᠠᠪᠤᠴᠠ ᠪᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠷᠭᠢᠴᠡᠭᠦᠯᠦᠨ ᠡᠮᠬᠢᠯᠡᠵᠦ᠂ ᠵᠢᠯᠣᠭᠤᠳᠤᠯᠭ᠎ᠠ ᠪᠠᠨ ᠴᠢᠩᠭᠠᠳᠬᠠᠨ᠂ ᠳᠠᠬᠢᠨ ᠳᠠᠪᠲᠠᠨ ᠲᠣᠭᠠᠯᠠᠨ ᠪᠦᠷᠢᠳᠬᠡᠵᠦ᠂ ᠠᠯᠳᠠᠭᠳᠠᠯ ᠢ ᠪᠠᠶᠢᠴᠠᠭᠠᠨ ᠳᠤᠲᠠᠭᠳᠠᠯ ᠢ ᠨᠥᠬᠦᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠲᠡᠷᠡ ᠬᠡᠪ ᠢᠶᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠵᠢᠯ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠴᠢᠩᠭᠠᠳᠬᠠᠨ  ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠭᠤᠣᠯ ᠰᠡᠳᠦᠪᠲᠦ ᠬᠥᠮᠦᠵᠢᠯ ᠤᠨ ᠠᠬᠢᠴᠠ ᠶᠢᠨ ᠪᠠᠶᠢᠳᠠᠯ ᠢ ᠴᠠᠭ ᠲᠤᠬᠠᠢ  ᠳᠤᠨᠢ ᠡᠵᠡᠮᠰᠢᠵᠦ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠠᠳᠬᠤᠬᠤ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ  ᠭᠡᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号