11 ᠰᠠᠷ᠎ᠠ ᠶᠢᠨ 22 ᠤᠨ ᠡᠳᠦᠷ᠂ ᠮᠠᠨ ᠤ ᠬᠤᠰᠢᠭᠤᠨ ᠤ ᠠᠯᠲᠠᠨᠬᠢᠯᠢ ᠰᠤᠮᠤ ᠰᠣᠨᠢᠨ ᠮᠡᠳᠡᠭᠡ ᠨᠡᠶᠢᠲᠡᠯᠡᠬᠦ | ᠬᠤᠷᠠᠯ ᠬᠤᠷᠠᠯᠳᠤᠵᠦ᠂ ᠠᠯᠳᠠᠨᠬᠢᠯᠢ ᠰᠤᠮᠤᠨ ᠤ ᠰᠣᠨᠢᠨ ᠮᠡᠳᠡᠭᠡᠨ ᠤ ᠥᠭᠦᠯᠡᠭᠴᠢ ᠠᠴᠠ ᠲᠣᠰ ᠰᠤᠮᠤ ᠶᠢᠨ | 2023 ᠣᠨ ᠤ ᠭᠤᠣᠯᠳᠠᠯᠭ᠎ᠠ ᠲᠠᠢ ᠠᠵᠢᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠪᠠᠶᠢᠳᠠᠯ ᠢ ᠨᠡᠶᠢᠳᠡᠯᠡᠭᠰᠡᠨ | ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | 2023 ᠣᠨ ᠳᠤ ᠠᠯᠲᠠᠨᠬᠢᠯᠢ ᠰᠤᠮᠤ ᠶᠢᠨ ᠬᠢᠨ ︽ᠬᠥᠳᠡᠭᠡ ᠲᠣᠰᠬᠤᠨ ᠢ ᠠᠳᠬᠤᠵᠤ ᠬᠥᠳᠡᠭᠡ | ᠲᠣᠰᠬᠤᠨ ᠢ ᠠᠬᠢᠭᠤᠯᠵᠤ ᠡᠷᠦᠬᠡ ᠶᠢ ᠳᠠᠶᠢᠴᠢᠯᠠᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢ | ᠦᠷᠭᠦᠯᠵᠢᠯᠡᠨ ᠭᠦᠨᠵᠡᠭᠡᠶᠢᠷᠡᠭᠦᠯᠵᠦ᠂ ︽ᠪᠠᠷᠢᠮᠵᠢᠶ᠎ᠠ ᠲᠠᠢ ᠬᠠᠷᠭᠤᠭᠤᠯᠵᠤ ᠲᠡᠷᠢᠭᠦᠨ ᠤ ᠬᠢ ᠶᠢ ᠡᠭᠦᠳᠬᠦ︾ | ᠠᠵᠢᠯᠯᠠᠭ᠎ᠠ ᠲᠠᠢ ᠤᠶᠠᠯᠳᠤᠭᠤᠯᠤᠨ᠂ ︽ᠲᠠᠪᠤᠨ ᠰᠢᠯᠢᠳᠡᠭ᠂ ᠲᠠᠪᠤᠨ ᠬᠦᠴᠦᠷᠬᠡᠭ︾ ᠢ ᠡᠭᠦᠳᠦᠨ ᠪᠠᠶᠢᠭᠤᠯᠬᠤ | ᠨᠣᠷᠮ᠎ᠠ ᠶᠢ ᠲᠣᠰ ᠲᠣᠰ 100% ᠳᠤ ᠬᠦᠷᠭᠡᠵᠦ᠂ ︽ᠲᠠᠪᠤᠨ ᠰᠠᠶᠢᠨᠲᠠᠢ︾ ᠶᠢ ᠡᠭᠦᠳᠦᠨ ᠪᠠᠶᠢᠭᠤᠯᠬᠤ ᠨᠣᠷᠮ᠎ᠠ ᠶᠢ | 50% ᠳᠤ ᠬᠦᠷᠭᠡᠨ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ | ᠪᠠᠶᠢᠭᠤᠯᠬᠤ ᠪᠠᠲᠤ ᠪᠠᠬᠢᠯᠡᠯᠲᠡ ᠶᠢᠨ ︽ᠵᠢᠱᠢᠶᠡᠴᠢ ᠨᠠᠮ ᠤᠨ ᠡᠭᠦᠷ︾ ᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠪᠥᠬᠦ ᠠᠶᠢᠮᠠᠭ ᠤᠨ ᠪᠠᠲᠤ ᠪᠠᠬᠢᠯᠡᠯᠲᠡ ᠶᠢᠨ ᠨᠠᠮ ᠤᠨ ᠡᠭᠦᠷ 1 ᠶᠢ ᠡᠭᠦᠳᠦᠨ ᠪᠠᠶᠢᠭᠤᠯᠪᠠ᠃ | ᠰᠢᠨ᠎ᠡ ᠴᠠᠭ ᠦᠶ᠎ᠡ ᠶᠢᠨ ᠠᠷᠠᠳ ᠢᠷᠭᠡᠳ ᠤᠨ ᠶᠣᠰᠣ ᠰᠤᠷᠲᠠᠬᠤᠨ ᠤ ᠪᠠᠶᠢᠭᠤᠯᠤᠯᠲᠠ ᠶᠢᠨ ︽ᠠᠷᠪᠠᠨ ᠶᠡᠭᠡ | ᠠᠵᠢᠯᠯᠠᠭ᠎ᠠ︾ ᠶᠢ ᠭᠦᠨᠵᠡᠭᠡᠶᠢᠷᠡᠭᠦᠯᠵᠦ᠂ ︽ᠠᠷᠪᠠᠨ ᠣᠳᠣᠨ ᠲᠠᠰ ᠤᠨ ᠪᠣᠯᠪᠠᠰᠤᠨ ᠮᠠᠯᠵᠢᠬᠤ ᠡᠷᠦᠬᠡ︾ ᠶᠢ | ᠰᠢᠯᠭᠠᠷᠠᠭᠤᠯᠬᠤ ᠱᠠᠭᠠᠷᠳᠠᠯᠭ᠎ᠠ ᠶᠣᠰᠣᠭᠠᠷ᠂ ᠡᠯ᠎ᠡ ᠭᠠᠴᠠᠭ᠎ᠠ ᠶᠢᠨ 15% ᠶᠢᠨ ᠪᠠᠷᠢᠮᠵᠢᠶ᠎ᠠ ᠪᠠᠷ 72 ᠪᠣᠯᠪᠠᠰᠤᠨ | ᠡᠷᠦᠬᠡ ᠶᠢ ᠰᠢᠯᠭᠠᠷᠠᠭᠤᠯᠵᠦ᠂ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠵᠤ᠂ ᠬᠢᠯᠢ ᠬᠢᠵᠠᠭᠠᠷ ᠤᠨ ᠲᠣᠭᠲᠠᠭᠤᠨ | ᠪᠠᠶᠢᠳᠠᠯ ᠢ ᠬᠠᠮᠠᠭᠠᠯᠠᠨ᠎ᠠ᠃ ᠡᠯ᠎ᠡ ᠵᠦᠢᠯ ᠤᠨ ᠴᠢᠬᠤᠯᠠ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠠᠴᠠᠭ᠎ᠠ ︵ | ᠨᠡᠶᠢᠭᠡᠮ ᠲᠣᠭᠤᠷᠢᠭ︶᠂ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠦᠶ᠎ᠡ︾ ᠭᠡᠬᠦ ᠲᠤᠰᠬᠠᠢ ᠰᠡᠳᠦᠪᠲᠦ | ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ᠂ ︽ᠮᠢᠨᠤ ᠳᠡᠷᠭᠡᠳᠡᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠥᠯᠢᠭᠡᠷ︾ ᠵᠡᠷᠭᠡ ᠭᠤᠣᠯ ᠰᠡᠳᠦᠪᠲᠦ ᠠᠵᠢᠯᠯᠠᠭ᠎ᠠ ᠶᠢ ᠦᠷᠨᠢᠭᠦᠯᠪᠡ᠃ ︽3+2︾ ᠤᠨ ᠠᠵᠤ ᠦᠢᠯᠡᠰ ᠤᠨ | ᠬᠥᠭᠵᠢᠯᠲᠡ ᠶᠢᠨ ᠰᠡᠳᠬᠢᠮᠵᠢ ᠶᠢ ᠦᠷᠭᠦᠯᠵᠢᠯᠡᠨ ᠠᠬᠢᠭᠤᠯᠵᠤ᠂ ᠪᠥᠬᠦ ᠰᠤᠮᠤᠨ ᠤ ᠮᠠᠯ ᠤᠨ ᠲᠤᠭ᠎ᠠ ᠲᠣᠯᠣᠭᠠᠢ ᠶᠢ | 20.7 ᠲᠦᠮᠡᠨ ᠲᠣᠯᠣᠭᠠᠢ ᠳᠤ ᠲᠣᠭᠲᠠᠪᠤᠷᠢᠵᠢᠭᠤᠯᠤᠨ᠎ᠠ᠂ ᠡᠭᠦᠨ ᠳᠤ ᠪᠣᠳᠠ ᠮᠠᠯ 13723᠂ ᠪᠤᠭ ᠮᠠᠯ | 193324 ᠪᠠᠶᠢᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠠᠮᠤᠷ | ᠠᠮᠤᠭᠤᠯᠠᠩ ᠤᠨ ᠪᠠᠶᠢᠭᠤᠯᠤᠯᠲᠠ ᠶᠢ ᠪᠠᠬᠢᠵᠢᠭᠦᠯᠦᠨ᠎ᠡ᠃ ᠬᠢᠯᠢ ᠬᠢᠵᠠᠭᠠᠷ ᠤᠨ ᠨᠠᠮ ᠤᠨ ᠪᠠᠶᠢᠭᠤᠯᠤᠯᠲᠠ ᠶᠢᠨ | ᠠᠵᠢᠯ ᠤᠨ ᠠᠷᠭ᠎ᠠ ᠲᠠᠢ ᠤᠶᠠᠯᠳᠤᠭᠤᠯᠵᠤ᠂ ︽ᠨᠠᠮ ᠤᠨ ᠲᠤᠭ ᠦᠨᠳᠦᠰᠦᠨ ᠱᠠᠲᠤᠨ ᠤ ᠡᠮᠦᠨ᠎ᠡ ᠹᠷᠣᠨᠲ ᠲᠤ | ᠥᠨᠳᠥᠷ ᠲᠤ ᠨᠠᠮᠢᠷᠠᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ᠂ ᠴᠡᠷᠢᠭ ᠴᠠᠭᠳᠠᠭ᠎ᠠ ᠠᠷᠠᠳ | ᠬᠤᠯᠪᠤᠭᠠᠯᠠᠨ ᠬᠢᠯᠢ ᠬᠢᠵᠠᠭᠠᠷ ᠢ ᠴᠡᠪᠡᠷᠯᠡᠵᠦ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠠᠵᠢᠯᠯᠠᠭ᠎ᠠ᠂ ︽ᠠᠮᠤᠷ | ᠲᠦᠪᠰᠢᠨ ᠲᠦᠮᠡᠨ ᠡᠷᠦᠬᠡ ᠳᠤ ᠬᠦᠷᠬᠦ︾ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠨᠠᠮ ᠤᠨ | ᠭᠡᠰᠢᠭᠦᠨ ᠬᠤᠯᠪᠤᠭᠠᠯᠠᠨ ᠬᠠᠮᠢᠶᠠᠷᠬᠤ ᠠᠵᠢᠯᠯᠠᠭ᠎ᠠ ᠶᠢ ᠬᠤᠯᠪᠤᠭᠠᠯᠠᠨ ᠬᠢᠬᠦ᠂ ᠪᠡᠯᠡ ᠮᠥᠩᠭᠦ ᠶᠢ ᠬᠤᠯᠪᠤᠭᠠᠯᠠᠨ | ᠬᠠᠪᠰᠤᠷᠬᠤ ᠶᠢ ᠪᠡᠶᠡᠯᠡᠭᠦᠯᠦᠨ᠎ᠡ᠃ ᠬᠠᠭᠤᠴᠢᠨ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠪᠣᠯᠪᠠᠰᠤᠨ | ᠰᠢᠨ᠎ᠡ ᠰᠤᠷᠲᠠᠯ ᠢ ᠰᠠᠨᠠᠭᠠᠴᠢᠯᠠᠨ᠎ᠠ᠃ ︽ᠲᠣᠰᠬᠤᠨ ᠤ ᠳᠦᠷᠢᠮ ᠠᠷᠠᠳ ᠤᠨ ᠭᠡᠷ᠎ᠡ︾ ︱ ︽ᠮᠠᠯᠵᠢᠬᠤ | ᠡᠷᠦᠬᠡ ᠶᠢᠨ ᠦᠢᠯᠡᠳᠪᠦᠷᠢᠯᠡᠯ ᠠᠮᠢᠳᠤᠷᠠᠯ ᠤᠨ ᠭᠠᠷ ᠠᠪᠤᠯᠭ᠎ᠠ︾᠂ ᠵᠠᠩ ᠳᠠᠳᠬᠠᠯ ᠢ ᠥᠭᠡᠷᠡᠴᠢᠯᠡᠬᠦ | ᠰᠠᠨᠠᠭᠠᠴᠢᠯᠠᠭ᠎ᠠ ᠶᠢᠨ ᠪᠢᠴᠢᠭ ᠵᠡᠷᠭᠡ ᠶᠢ 2000 ᠭᠠᠷᠤᠢ ᠬᠤᠪᠢ ᠲᠠᠷᠬᠠᠭᠠᠵᠤ᠂ ᠵᠠᠩ ᠳᠠᠳᠬᠠᠯ ᠢ ᠥᠭᠡᠷᠡᠴᠢᠯᠡᠬᠦ | ᠣᠬᠤᠷ ᠸᠢᠳᠢᠤ᠋᠂ ᠨᠡᠶᠢᠲᠡᠯᠢᠭ ᠬᠡᠷᠡᠭ ᠤᠨ ᠵᠢᠱᠢᠶ᠎ᠡ ᠵᠡᠷᠭᠡ ᠶᠢ 50 ᠭᠠᠷᠤᠢ ᠤᠳᠠᠭ᠎ᠠ ᠦᠢᠯᠡᠳᠴᠦ ᠳᠠᠮᠵᠢᠭᠤᠯᠤᠨ | ᠲᠠᠷᠬᠠᠭᠠᠵᠤ᠂ ᠲᠠᠷᠠᠮ ᠤᠨ ᠲᠤᠭ᠎ᠠ16.3 ᠲᠦᠮᠡ ᠳᠤ ᠬᠦᠷᠴᠠᠢ᠃ | ᠦᠨᠳᠦᠰᠦᠨ ᠱᠠᠳᠤᠨ ᠤ ᠤᠳᠤᠷᠢᠳᠬᠤ ᠡᠷᠬᠡ ᠶᠢ ᠬᠢᠵᠠᠭᠠᠷᠯᠠᠬᠤ ᠲᠣᠭᠲᠠᠴᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠰᠤᠮᠤ ᠶᠢᠨ ᠨᠠᠮ ᠤᠨ ᠬᠤᠷᠢᠶ᠎ᠠ ᠶᠢᠨ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ | ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠦᠨᠳᠦᠰᠦᠨ ᠱᠠᠳᠤᠨ ᠤ ᠤᠳᠤᠷᠢᠳᠬᠤ ᠡᠷᠬᠡ ᠶᠢ ᠬᠢᠵᠠᠭᠠᠷᠯᠠᠬᠤ | ᠲᠣᠭᠲᠠᠴᠠ ᠶᠢᠨ ᠨᠠᠷᠢᠨ ᠲᠠᠩᠰᠠ ᠶᠢ ᠨᠠᠮ ᠤᠨ ᠬᠤᠷᠢᠶ᠎ᠠ ᠶᠢᠨ ᠴᠢᠬᠤᠯᠠ ᠬᠡᠷᠡᠭ ᠵᠥᠪᠯᠡᠬᠦ ᠠᠭᠤᠯᠭ᠎ᠠ ᠳᠤ | ᠣᠷᠣᠭᠤᠯᠤᠨ᠎ᠠ᠃ ᠠᠮᠢᠲᠠᠨ ᠤ ᠬᠢᠵᠢᠭ ᠢ ᠰᠡᠷᠭᠡᠶᠢᠯᠡᠬᠦ ᠶᠢ ᠢᠳᠡᠪᠬᠢᠲᠡᠢ ᠥᠷᠨᠢᠭᠦᠯᠵᠦ᠂ ᠮᠠᠯ ᠡᠮᠨᠡᠯᠭᠡ ᠶᠢᠨ | ᠨᠡᠶᠢᠭᠡᠮᠴᠢᠯᠡᠭᠰᠡᠨ ᠦᠢᠯᠡᠴᠢᠯᠡᠭᠡᠨ ᠤ ᠭᠡᠷ᠎ᠡ ᠲᠤᠭᠳᠠᠵᠠᠢ᠃ ᠨᠡᠶᠢᠭᠡᠮ ᠲᠣᠭᠤᠷᠢᠭ ᠤᠨ ︽ᠲᠣᠰᠬᠤᠨ ᠤ ᠳᠦᠷᠰᠦ | ᠪᠠᠶᠢᠳᠠᠯ︾ ᠢ ᠴᠡᠭᠴᠡᠯᠡᠨ ᠵᠠᠰᠠᠬᠤ᠂ ᠣᠯᠠᠨ ᠨᠡᠶᠢᠲᠡ ᠶᠢᠨ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ | ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ | ᠮᠠᠯᠵᠢᠬᠤ ᠣᠷᠣᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠴᠢᠩᠭᠠᠳᠬᠠᠵᠤ᠂ | ᠠᠷᠠᠳ ᠤᠨ ᠡᠶᠡᠳᠡᠭᠦᠯᠦᠭᠴᠢ᠂ ᠬᠠᠤᠯᠢ ᠴᠠᠭᠠᠵᠠ ᠶᠢᠨ ᠵᠥᠪᠯᠡᠭᠴᠢ ᠶᠢ ᠭᠦᠢᠴᠡᠳ ᠲᠣᠬᠢᠷᠠᠭᠤᠯᠤᠨ᠂ ᠵᠥᠷᠢᠴᠡᠯ | ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ ᠵᠡᠷᠭᠡ ᠠᠵᠢᠯᠯᠠᠭ᠎ᠠ ᠶᠢ 19 ᠤᠳᠠᠭ᠎ᠠ ᠥᠷᠨᠢᠭᠦᠯᠵᠦ᠂ ᠡᠯ᠎ᠡ ᠲᠥᠷᠥᠯ ᠤᠨ ᠤᠬᠠᠭᠤᠯᠭ᠎ᠠ ᠶᠢᠨ | ᠬᠠᠭᠤᠳᠠᠰᠤ ᠶᠢ ᠨᠡᠶᠢᠲᠡ 2000 ᠭᠠᠷᠤᠢ ᠬᠤᠪᠢ ᠲᠠᠷᠬᠠᠭᠠᠵᠤ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ | 22 ᠤᠳᠠᠭ᠎ᠠ ᠡᠶᠡᠳᠡᠭᠦᠯᠵᠠᠢ ᠃ |