ᠮᠠᠨ ᠤ ᠬᠤᠰᠢᠭᠤ 2023 ᠣᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/12/5
      11 ᠰᠠᠷ᠎ᠠ ᠶᠢᠨ 24 ᠤ ᠡᠳᠦᠷ᠂ ᠮᠠᠨ ᠤ ᠬᠤᠰᠢᠭᠤ 2023 ᠣᠨ ᠤ ᠤᠯᠤᠰ ᠲᠥᠷᠥ ᠶᠢᠨ ᠵᠥᠪᠯᠡᠯᠭᠡᠨ  ᠤ ᠭᠡᠰᠢᠭᠦᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠦ᠋ᠩᠬᠡ ᠪᠣᠯᠣᠨ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠥᠬᠦ ᠭᠡᠰᠢᠭᠦᠳ ᠪᠣᠯᠪᠠᠰᠤᠷᠠᠯ ᠳᠤ ᠣᠷᠣᠯᠴᠠᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠶᠢᠨ ᠳᠡᠳ᠋ ᠱᠦᠵᠢ ᠰᠢᠤᠸᠠᠢ ᠪᠥᠸᠧ ᠪᠣᠯᠣᠨ ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢᠨ ᠵᠥᠪᠯᠡᠯ ᠤᠨ ᠡᠷᠬᠢᠯᠡᠭᠴᠢ ᠵᠢᠢ ᠱᠦ ᠭᠠᠩ  ᠠᠴᠠ ᠲᠣᠰ ᠲᠣᠰ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠪᠤᠯᠪᠠᠰᠤᠷᠠᠯ  ᠬᠦᠷᠲᠡᠭᠡᠵᠡᠢ᠃      ᠪᠤᠯᠪᠠᠰᠤᠷᠠᠯ ᠠᠴᠠ ᠱᠠᠭᠠᠷᠳᠠᠬᠤ ᠳᠤ ᠪᠠᠨ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠣᠨ ᠤᠯᠤᠰ ᠲᠥᠷᠥ ᠶᠢᠨ ᠵᠥᠪᠯᠡᠯᠭᠡᠨ ᠤ ᠠᠵᠢᠯᠲᠠᠳ ︽ᠨᠠᠰᠤᠨ ᠲᠤᠷᠰᠢᠲᠠ ᠰᠤᠷᠤᠯᠴᠠᠬᠤ︾ ᠣᠶᠢᠯᠠᠭᠠᠭᠳᠠᠬᠤᠨ ᠢ ᠪᠤᠶ ᠪᠣᠯᠭᠠᠵᠤ᠂ ᠥᠪᠡᠷ ᠤᠨ ᠡᠷᠳᠡᠮ ᠮᠡᠳᠡᠯᠭᠡ ᠶᠢᠨ ᠪᠣᠯᠪᠠᠰᠤᠷᠠᠯ ᠢᠶᠠᠨ ᠲᠠᠰᠤᠷᠠᠯᠲᠠ ᠦᠭᠡᠢ ᠨᠡᠮᠡᠭᠳᠡᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ᠂ ᠡᠭᠦᠷᠭᠡ ᠴᠢᠳᠠᠪᠤᠷᠢ ᠶᠢᠨ ᠦᠢᠯᠡᠳᠦᠯ ᠢ ᠣᠨᠣᠪᠴᠢᠲᠠᠶ ᠡᠵᠡᠮᠳᠡᠵᠦ᠂ ᠰᠠᠨᠠᠯ ᠳᠤᠷᠠᠳᠤᠯᠭ᠎ᠠ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠡᠷᠭᠡ ᠡᠯ᠎ᠡ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠤ ᠬᠦᠰᠡᠯ ᠡᠷᠡᠮᠡᠯᠵᠡᠯ ᠪᠠ ᠬᠦᠰᠡᠯ ᠱᠠᠭᠠᠷᠳᠠᠯᠭ᠎ᠠ ᠶᠢ ᠢᠳᠡᠪᠬᠢᠲᠡᠢ ᠲᠤᠰᠬᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠦᠢᠯᠡᠰ ᠤᠨ ᠰᠢᠨ᠎ᠡ ᠬᠥᠭᠵᠢᠯᠲᠡ ᠪᠠ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号