ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠦᠨᠵᠡᠬᠡᠶᠢᠷᠠᠬᠦᠯᠤᠨ᠂ ᠨᠠᠮ ᠤᠨ ᠭᠡᠰᠢᠭᠦᠨ | ᠺᠠᠳ᠋ᠷᠴᠤᠳ ᠤᠨ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠲᠠᠬᠤ ᠤᠬᠠᠮᠰᠠᠷ ᠢ ᠦᠨᠡᠨᠬᠦ ᠴᠢᠩᠭᠠᠳᠬᠠᠵᠤ᠂ ᠢᠯᠵᠢᠷᠡᠯ ᠢ | ᠡᠰᠡᠷᠭᠦᠴᠡᠵᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠬᠡ ᠠᠯᠬᠤᠮ ᠪᠠᠲᠤᠳᠬᠠᠬᠤ ᠶᠢᠨ | ᠲᠥᠯᠥᠭᠡ᠂ 11 ᠰᠠᠷ᠎ᠠ ᠶᠢᠨ 28 ᠤ ᠡᠳᠦᠷ᠂ ᠠᠯᠲᠠᠨᠬᠢᠯᠢ ᠰᠤᠮᠤ ᠨᠢ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠬᠤᠷᠠᠯᠲᠤᠭᠤᠯᠵᠤ᠂ ᠨᠠᠮ ᠤᠨ ᠬᠤᠷᠢᠶᠠᠨ ᠤ | ᠱᠦᠵᠢ ᠶᠤᠰᠤᠲᠤ ᠨᠦᠬᠦᠷ ᠡᠷᠬᠢᠯᠠᠨ᠂ ᠪᠦᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃ | ᠬᠤᠷᠠᠯ ᠠᠴᠠ᠂ ᠨᠢᠭᠡ ᠳᠤ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠲᠤᠬᠠᠢ | ᠳᠡᠭᠡᠳᠦ ᠱᠠᠲᠤᠨ ᠤ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠬᠤ ᠬᠡᠷᠡᠭᠲᠡᠢ︔ ᠬᠤᠶᠠᠷ ᠲᠤ᠂ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠠ ︽ᠬᠤᠶᠠᠷ ᠢ ᠬᠠᠮᠠᠭᠠᠯᠠᠬᠤ︾ ᠶᠢ ᠲᠦᠷᠦᠭᠦᠯᠡᠨ ᠦᠢᠯᠡᠳᠦᠯᠭᠡᠵᠢᠭᠦᠯᠬᠦ | ᠬᠡᠷᠡᠭᠲᠡᠢ︔ ᠭᠤᠷᠪᠠ ᠳᠤ᠂ ᠠᠷᠢᠭᠤᠨ ᠴᠢᠬᠡᠴᠢ ᠶᠢᠨ ᠤᠬᠠᠮᠰᠠᠷ ᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠪᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ | ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ | ᠴᠢᠩᠭ᠎ᠠ ᠵᠢᠷᠤᠮᠯᠠᠵᠤ᠂ ᠬᠤᠷᠢᠭ᠎ᠠ ᠱᠤᠭᠤᠮ ᠤᠨ ᠰᠡᠳᠬᠢᠬᠦᠢ ᠪᠠ ᠬᠠᠤᠯᠢ ᠰᠠᠬᠢᠯᠭ᠎ᠠ ᠶᠢᠨ ᠤᠬᠠᠮᠰᠠᠷ ᠢ ᠪᠠᠲᠤ ᠪᠤᠢ | ᠪᠣᠯᠭᠠᠵᠤ᠂ ᠦᠵᠡᠯ ᠰᠠᠨᠠᠭ᠎ᠠ ᠣᠪᠣᠷ ᠰᠤᠷᠲᠠᠯ ᠢᠶᠠᠨ ᠴᠡᠪᠡᠷᠰᠢᠭᠦᠯᠵᠦ᠂ ᠶᠣᠰᠣ ᠰᠤᠷᠲᠠᠬᠤᠨ ᠤ ᠪᠣᠯᠪᠠᠰᠤᠷᠠᠯ ᠢᠶᠠᠨ | ᠴᠢᠩᠭᠠᠳᠬᠠᠬᠤ ᠬᠡᠷᠡᠭᠲᠡᠢ ︔ ᠳᠥᠷᠪᠡ ᠳᠤ᠂ ᠰᠤᠷᠲᠠᠯ ᠤᠨ ᠪᠠᠶᠢᠭᠤᠯᠤᠯᠲᠠ ᠶᠢ ᠡᠴᠦᠰ ᠲᠤᠨᠢ ᠲᠤᠯᠲᠠᠯ᠎ᠠ | ᠠᠳᠬᠤᠬᠤ ᠶᠢ ᠪᠠᠷᠢᠮᠲᠠᠯᠠᠵᠤ᠂ ᠠᠵᠢᠯ ᠤᠨ ᠰᠤᠷᠲᠠᠯ ᠢᠶᠠᠨ ᠲᠠᠰᠤᠷᠠᠯᠳᠠ ᠦᠭᠡᠢ ᠰᠠᠶᠢᠵᠢᠷᠠᠭᠤᠯᠤᠨ᠂ ᠦᠢᠯᠡᠴᠢᠯᠡᠬᠦ | ᠦᠵᠡᠯᠲᠡ ᠪᠠᠨ ᠬᠤᠪᠢᠷᠠᠭᠤᠯᠵᠤ᠂ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ︔ | ᠲᠠᠪᠤ ᠳᠤ᠂ ᠬᠢᠨᠠᠯᠲᠠ ᠬᠠᠮᠢᠶᠠᠷᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠨᠠᠮ ᠤᠨ | ᠳᠣᠲᠣᠭᠠᠳᠤ ᠶᠢᠨ ᠬᠢᠨᠠᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠡᠯ᠎ᠡ ᠲᠦᠷᠦᠯ ᠤᠨ ᠬᠢᠨᠠᠯᠲᠠ ᠶᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠡᠷᠡᠭᠯᠡᠵᠦ᠂ ᠡᠷᠬᠡ ᠶᠢᠨ ᠠᠵᠢᠯᠯᠠᠭᠠᠨ ᠢ ᠦᠨᠡᠨ ᠬᠦ ᠵᠢᠷᠤᠮᠵᠢᠭᠤᠯᠬᠤ ᠬᠡᠷᠡᠭᠲᠠᠢ ᠬᠡᠪᠠ᠃ | | ᠬᠤᠷᠠᠯ ᠤᠨ ᠳᠠᠷᠠᠭ᠎ᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠤᠬᠠᠢ ᠰᠡᠷᠡᠮᠵᠢᠯᠡᠭᠦᠯᠬᠦ | ᠬᠥᠮᠦᠵᠢᠯ ᠤᠨ ᠹᠢᠯᠢᠮ ︱ ︽ᠣᠭᠲᠣ ᠠᠭᠤᠴᠢᠯᠠᠬᠤ ᠦᠭᠡᠢ︾ ᠶᠢ ᠬᠠᠮᠲᠤ ᠪᠠᠷ ᠦᠵᠡᠵᠦ᠂ ᠬᠡᠷᠡᠭ ᠢᠶᠠᠷ ᠲᠣᠯᠢ | ᠪᠣᠯᠭᠠᠨ᠂ ᠬᠡᠷᠡᠭ ᠢᠶᠠᠷ ᠰᠡᠷᠡᠮᠵᠢ ᠶᠢᠨ ᠳᠣᠬᠢᠶ᠎ᠠ ᠪᠤᠯᠭᠠᠵᠤ᠂ ᠬᠡᠷᠡᠭ ᠢᠶᠠᠷ ᠰᠠᠬᠢᠯᠭ᠎ᠠ ᠪᠠᠲᠤ ᠶᠢ ᠲᠣᠳᠣᠷᠬᠠᠶᠢᠯᠠᠵᠤ᠂ | ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ᠂ ᠣᠯᠠᠨ ᠢ ᠬᠥᠮᠥᠵᠢᠭᠦᠯᠦᠨ ᠵᠢᠯᠤᠭᠤᠳᠴᠤ ᠲᠤᠷᠰᠢᠯᠭ᠎ᠠ ᠰᠤᠷᠭᠠᠮᠵᠢ ᠶᠢ | ᠭᠦᠢᠴᠡᠳ ᠰᠢᠩᠭᠡᠬᠡᠨ ᠠᠪᠴᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠪᠡᠶ᠎ᠡ ᠪᠠᠷ ᠢᠶᠠᠨ ᠪᠡᠶ᠎ᠡ ᠪᠠᠨ | ᠲᠤᠩᠭᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠴᠠᠭ ᠢᠮᠠᠭᠲᠠ ᠪᠠᠲᠤ ᠰᠠᠬᠢᠭᠤᠯᠪᠠ᠃ |