ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ | ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠳᠡᠭᠡᠳᠦ ᠱᠠᠲᠤ ᠳᠣᠣᠷᠠᠳᠤ ᠱᠠᠲᠤ ᠪᠠᠨ ᠳᠠᠭᠠᠭᠤᠯᠬᠤ᠂ | ᠵᠢᠱᠢᠶᠡᠴᠢ ᠦᠢᠯᠡᠳᠦᠯ ᠢ ᠪᠠᠳᠠᠷᠠᠭᠤᠯᠬᠤ ᠶᠢᠨ ᠲᠥᠯᠥᠭᠡ᠂ 12 ᠰᠠᠷ᠎ᠠ ᠶᠢᠨ 1 ᠤ ᠡᠳᠦᠷ᠂ ᠬᠤᠰᠢᠭᠤ ᠤᠯᠤᠰ | ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠨᠠᠷ ᠠᠯᠲᠠᠨᠬᠢᠯᠢ ᠰᠣᠮᠣᠨ ᠳᠤ ᠭᠦᠨᠵᠡᠭᠡᠶᠢᠷᠡᠨ | ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠪᠠᠶᠢᠴᠠᠭᠠᠨ ᠵᠢᠯᠤᠭᠤᠳᠴᠤ᠂ ᠰᠣᠮᠣᠨ ᠤ ᠭᠤᠣᠯ | ᠤᠳᠤᠷᠢᠳᠤᠯᠭ᠎ᠠ ᠨᠠᠷ ᠪᠠᠷ᠎ᠠ ᠪᠣᠯᠪᠠ᠃ | ᠶᠠᠨ ᠴᠢ ᠵᠢᠶᠦ᠋ᠨ ᠨᠠᠷ ᠬᠠᠷᠢᠭᠤ ᠮᠡᠳᠡᠭᠦᠯᠦᠯᠲᠡ ᠶᠢ ᠰᠣᠨᠣᠰᠬᠤ᠂ ᠡᠷᠦᠭᠡ ᠳᠤ ᠬᠦᠷᠴᠦ ᠰᠤᠷᠪᠤᠯᠵᠢᠯᠠᠬᠤ | ᠵᠡᠷᠭᠡ ᠬᠡᠯᠪᠡᠷᠢ ᠪᠠᠷ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠠᠵᠢᠯ ᠤᠨ ᠪᠠᠶᠢᠳᠠᠯ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠨ ᠤ ᠭᠡᠷ ᠤᠨ ᠪᠠᠶᠢᠭᠤᠯᠤᠯᠲᠠ ᠶᠢᠨ ᠪᠠᠶᠢᠳᠠᠯ ᠵᠢᠴᠢ ᠣᠳᠣᠬᠢ ᠱᠠᠲᠤᠨ ᠤ | ᠮᠠᠯᠴᠢᠳ ᠤᠨ ᠦᠢᠯᠡᠳᠪᠦᠷᠢᠯᠡᠯ ᠠᠮᠢᠳᠤᠷᠠᠯ ᠵᠡᠷᠭᠡ ᠶᠢ ᠪᠦᠬᠦ ᠲᠠᠯ᠎ᠠ ᠪᠠᠷ ᠣᠶᠢᠯᠠᠭᠠᠭᠰᠠᠨ ᠪᠥᠭᠡᠳ ᠮᠠᠨ ᠤ ᠰᠤᠮᠤᠨ ᠤ | ᠦᠷᠨᠢᠭᠦᠯᠦᠭᠰᠡᠨ ᠠᠵᠢᠯ ᠢ ᠭᠦᠢᠴᠡᠳ ᠨᠣᠲᠠᠯᠠᠪᠡ᠃ | ᠶᠠᠨ ᠴᠢ ᠵᠢᠶᠦ᠋ᠨ ᠴᠢᠬᠤᠯᠠᠴᠢᠯᠠᠭᠰᠠᠨ ᠨᠢ᠂ ᠨᠢᠭᠡ ᠳᠤ᠂ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ | ᠴᠢᠨᠠᠷ ᠢ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ | ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯ ᠰᠡᠳᠦᠪ ᠭᠤᠣᠯ ᠰᠢᠵᠢᠮ ᠢ ᠲᠣᠪᠤᠶᠢᠯᠭᠠᠨ᠂ | ᠣᠨᠣᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ | ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ᠂ ᠠᠷᠠᠳ ᠤᠨ ᠲᠥᠯᠥᠭᠡ ᠪᠤᠲᠠᠲᠤ ᠠᠵᠢᠯ ᠬᠢᠬᠦ | ᠵᠡᠷᠭᠡ ᠠᠵᠢᠯ ᠤᠨ ᠡᠭᠦᠷᠭᠡ ᠶᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠤᠶᠠᠷ ᠲᠤ᠂ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠡᠪᠡᠰᠦ ᠪᠣᠷᠳᠤᠭ᠎ᠠ ᠨᠦᠭᠡᠴᠡᠯᠡᠬᠦ ᠠᠵᠢᠯ ᠢ ᠴᠢᠬᠤᠯᠠᠴᠢᠯᠠᠵᠤ᠂ ᠥᠷᠭᠡᠨ ᠣᠯᠠᠨ | ᠮᠠᠯᠴᠢᠳ ᠢ ᠳᠠᠶᠢᠴᠢᠯᠠᠨ᠂ ᠭᠠᠮᠰᠢᠭ ᠢ ᠰᠡᠷᠭᠡᠶᠢᠯᠡᠨ ᠮᠠᠯ ᠠᠵᠤ ᠠᠬᠤᠢ ᠪᠠᠨ ᠬᠠᠮᠠᠭᠠᠯᠠᠬᠤ ᠣᠶᠢᠯᠠᠭᠠᠭᠳᠠᠬᠤᠨ ᠢ | ᠤᠯᠠᠮ ᠨᠢᠬᠡ ᠠᠯᠬᠤᠮ ᠴᠢᠩᠭᠠᠳᠬᠠᠵᠤ᠂ ᠡᠪᠦᠯ ᠤᠨ ᠤᠯᠠᠷᠢᠯ ᠤᠨ ᠮᠠᠯ ᠠᠵᠤ ᠠᠬᠤᠢ ᠶᠢᠨ ᠡᠪᠡᠰᠦ ᠪᠣᠷᠳᠤᠭ᠎ᠠ ᠶᠢ | ᠨᠥᠭᠡᠴᠡᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠠᠢ᠃ ᠭᠤᠷᠪᠠ ᠳᠤ᠂ ︽ᠰᠠᠭᠠᠳ ᠦᠭᠡᠢ | ᠨᠡᠪᠲᠡᠷᠡᠬᠦ ᠶᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ︾ ᠶᠢ ᠪᠦᠬᠦ | ᠬᠦᠴᠦᠨ ᠢᠶᠠᠷ ᠢᠶᠠᠨ ᠬᠢᠵᠦ᠂ ᠮᠠᠯᠴᠢᠨ ᠲᠦᠮᠡᠨ ᠢ ᠬᠠᠪᠰᠤᠷᠤᠨ ᠬᠦᠴᠢᠷᠳᠡᠯ ᠢ ᠠᠷᠭᠠᠴᠠᠨ ᠰᠢᠢᠳᠪᠦᠷᠢᠯᠡᠵᠦ᠂ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠭᠡᠰᠢᠭᠦᠨ ᠤ ᠬᠤᠰᠢᠭᠤᠴᠢ | ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠳ ᠤᠨ ᠡᠪᠡᠰᠦ ᠪᠣᠷᠳᠤᠭ᠎ᠠ ᠵᠦᠭᠡᠭᠡᠬᠦ ᠵᠠᠮ ᠤᠨ | ᠰᠠᠭᠠᠳ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ | |