ᠰᠠᠮᠠᠢ ᠰᠤᠮᠤ ᠨᠢ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠠᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠰᠤᠷᠠᠭ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ  ᠢ ᠯᠠᠪᠳᠠᠭᠤᠨ ᠪᠠᠲᠤᠲᠠᠢ ᠠᠬᠢᠭᠤᠯᠪᠠ
ᠨᠡᠶᠢᠲᠡᠯᠡᠭᠰᠡᠨ ᠴᠠᠭ᠄
2023/12/5
      ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠲᠣᠭᠲᠠᠴᠠ ᠶᠢ ᠦᠷᠭᠦᠯᠵᠢᠯᠡᠨ ᠪᠦᠷᠢᠨᠰᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠬᠤ ᠦᠷ᠎ᠡ ᠪᠦᠲᠦᠭᠡᠯ ᠢ ᠮᠥᠷᠳᠡᠨ ᠪᠠᠬᠢᠵᠢᠭᠦᠯᠵᠦ ᠥᠷᠭᠡᠳᠬᠡᠨ᠂ ᠮᠠᠯᠵᠢᠬᠤ ᠣᠷᠣᠨ ᠤ ᠮᠠᠯᠴᠢᠨ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠬᠤᠪᠢᠷᠠᠯᠲᠠ ᠵᠡᠷᠭᠡ ᠭᠤᠤᠯᠳᠠᠯᠭ᠎ᠠ ᠲᠠᠢ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠶᠢᠨ ᠲᠥᠯᠥᠭᠡ᠂ 11 ᠰᠠᠷ᠎ᠠ ᠶᠢᠨ 20 ᠤ ᠡᠳᠦᠷ ᠠᠴᠠ ᠡᠬᠢᠯᠡᠨ᠂ ᠰᠠᠮᠠᠢ ᠰᠤᠮᠤ ᠨᠢ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠰᠤᠷᠠᠭ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠪᠠ᠃      ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠴᠢᠩᠭᠠᠳᠬᠠᠪᠠ᠃ ᠰᠠᠮᠠᠢ ᠰᠤᠮᠤᠨ ᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠰᠤᠷᠠᠭ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠤᠮᠤᠨ ᠤ ᠤᠳᠤᠷᠢᠳᠬᠤ ᠪᠠᠭ᠂ ᠪᠥᠬᠦ ᠺᠠᠳ᠋ᠷ ᠠᠵᠢᠯᠲᠠᠨ᠂ ᠭᠠᠴᠠᠭᠠᠨ ᠤ ︽ᠬᠤᠶᠠᠷ ᠵᠥᠪᠯᠡᠯ︾ ᠵᠢᠴᠢ ᠰᠢᠨ᠎ᠡ ᠨᠢᠭᠡ ᠡᠭᠡᠯᠵᠢ ᠶᠢᠨ ᠭᠠᠴᠠᠭᠠᠨ ᠤ ᠨᠢᠭᠡᠳᠦᠭᠡᠷ ᠱᠦᠵᠢ ᠪᠠᠷ ᠪᠦᠷᠢᠯᠳᠦᠭᠰᠡᠨ ︽ᠭᠤᠷᠪᠠᠨ ᠬᠦᠴᠦᠨ ᠢ ᠨᠢᠭᠡᠳᠬᠡᠬᠦ︾ ᠣᠶᠤᠨᠴᠢ ᠲᠣᠤᠷᠵᠢᠯ ᠤᠨ ᠠᠵᠢᠯ ᠤᠨ ᠳᠤᠭᠤᠶᠢᠯᠠᠩ ᠳᠤ ᠳᠠᠷᠤᠶᠢᠬᠠᠨ ᠲᠣᠬᠢᠷᠠᠭᠤᠯᠤᠯᠲᠠ ᠬᠢᠵᠦ᠂ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠰᠤᠷᠠᠭ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠪᠠᠶᠢᠷᠢᠯᠠᠭᠤᠯᠤᠯᠲᠠ ᠶᠢᠨ ᠬᠤᠷᠠᠯ ᠢ ᠦᠳᠲᠡᠷ ᠲᠦᠷᠭᠡᠨ ᠬᠤᠷᠠᠯᠳᠤᠭᠤᠯᠪᠠ᠃ ᠬᠤᠷᠠᠯ ᠠᠴᠠ ᠰᠤᠷᠠᠭ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠵᠢᠴᠢ ᠳᠥᠷᠪᠡᠳᠦᠭᠡᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠪᠠ ᠬᠥᠳᠡᠯᠦᠩᠭᠦᠶ ᠲᠣᠬᠢᠷᠠᠭᠤᠯᠤᠯᠲᠠ ᠶᠢᠨ ᠠᠵᠢᠯ ᠤᠨ ᠲᠣᠭᠤᠷᠢᠨ  ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠭᠰᠡᠨ ᠪᠥᠭᠡᠳ ᠡᠯ᠎ᠡ ᠭᠠᠴᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠡᠨᠡ ᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠥᠷᠨᠢᠭᠦᠯᠬᠦ ᠬᠡᠷᠡᠭᠲᠡᠶ ᠭᠡᠵᠦ ᠱᠠᠭᠠᠷᠳᠠᠪᠠ᠃      ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠰᠤᠮᠤ ᠭᠠᠴᠠᠭ᠎ᠠ ᠬᠤᠶᠠᠷ ᠱᠠᠲᠤᠨ ᠤ ᠺᠠᠳ᠋ᠷ᠂ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠪᠥᠬᠦ ᠲᠠᠯ᠎ᠠ ᠪᠠᠷ ᠦᠨᠳᠦᠰᠦᠨ ᠱᠠᠲᠤᠨ ᠳᠤ ᠭᠦᠡᠵᠡᠭᠡᠶᠢᠷᠡᠵᠦ᠂ ᠶᠠᠳᠠᠭᠤ ᠠᠴᠠ ᠠᠩᠭᠢᠵᠢᠷᠠᠭᠤᠯᠬᠤ  ᠪᠤᠭᠤᠮᠲᠠ ᠰᠢᠪᠲᠤᠯᠠᠬᠤ ᠦᠷ᠎ᠡ ᠪᠦᠲᠦᠭᠡᠯ ᠤᠨ ᠰᠤᠷᠠᠭ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠢ ᠪᠠᠬᠢᠵᠢᠭᠦᠯᠦᠨ ᠥᠷᠭᠡᠳᠬᠡᠬᠦ ᠶᠢᠨ ᠲᠣᠭᠤᠷᠢᠨ ᠳᠤ᠂ ᠲᠥᠪᠯᠡᠷᠡᠭᠰᠡᠨ ᠴᠠᠭ᠂ ᠬᠦᠴᠦ ᠪᠠᠨ ᠲᠥᠪᠯᠡᠷᠡᠭᠦᠯᠬᠦ᠂ ᠠᠶᠢᠯ ᠡᠷᠦᠬᠡ ᠳᠤ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠮᠠᠯᠵᠢᠬᠤ ᠡᠷᠦᠬᠡ ᠶᠢᠨ ᠭᠡᠷ ᠪᠦᠯᠢ ᠶᠢᠨ ᠣᠷᠣᠯᠭ᠎ᠠ ᠶᠢ ᠪᠦᠬᠦ ᠲᠠᠯ᠎ᠠ ᠪᠠᠷ ᠤᠶᠢᠯᠠᠭᠠᠨ᠂ ᠠᠵᠢᠯ ᠤᠯᠬᠤ᠂ ᠡᠪᠡᠳᠴᠢᠨ ᠦᠵᠡᠭᠦᠯᠬᠦ᠂ ᠦᠷ᠎ᠡ ᠬᠡᠦᠬᠡᠳ ᠤᠨ ᠰᠤᠷᠭᠠᠨ ᠬᠥᠮᠦᠵᠢᠯ ᠵᠡᠷᠭᠡ ᠪᠠᠶᠢᠳᠠᠯ ᠵᠢᠴᠢ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠠᠰᠠ ᠶᠡᠷᠦᠩᠬᠡᠢᠯᠡᠨ ᠵᠠᠳᠠᠯᠵᠤ ᠰᠤᠳᠤᠯᠤᠨ ᠮᠠᠭᠠᠳᠯᠠᠵᠤ᠂ ᠲᠦᠭᠰᠢᠭᠦᠷᠢ ᠶᠢᠨ ᠳᠠᠯᠳᠠ ᠭᠡᠮ ᠢ ᠡᠷᠲᠡ ᠢᠯᠡᠷᠡᠭᠦᠯᠬᠦ ᠶᠢ ᠦᠨᠡᠨᠬᠦ ᠪᠠᠲᠤᠯᠠᠨ᠂ ᠡᠷᠲᠡ ᠭᠠᠷ ᠲᠦᠷᠦᠭᠦ᠂ ᠡᠷᠲᠡᠬᠡᠨ ᠬᠠᠪᠰᠤᠷᠤᠨ ᠲᠡᠳᠬᠦᠬᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ  ᠢ ᠦᠷᠭᠦᠯᠵᠢᠯᠡᠨ ᠪᠠᠬᠢᠵᠢᠭᠦᠯᠵᠦ᠂ ᠬᠡᠪᠴᠢᠶᠡᠲᠦ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ  ᠢ ᠪᠠᠲᠤ ᠰᠠᠬᠢᠪᠠ᠃      ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠰᠠᠶᠢᠲᠤᠷ ᠬᠢᠪᠡ᠃ ᠡᠷᠦᠬᠡ ᠳᠤ ᠣᠷᠣᠵᠤ ᠰᠢᠨᠡᠳᠬᠡᠭᠰᠡᠨ ᠰᠤᠷᠠᠭ ᠵᠠᠩᠭᠢ ᠶᠢ ᠴᠤᠭᠯᠠᠭᠤᠯᠬᠤ ᠶᠢᠨ ᠬᠠᠮᠲᠤ᠂ ᠡᠮᠴᠢᠯᠡᠭᠡᠨ ᠤ ᠳᠠᠭᠠᠳᠬᠠᠯ ᠪᠠ ᠨᠠᠰᠤᠵᠢᠯ ᠤᠨ ᠳᠠᠭᠠᠳᠬᠠᠯ ᠢ ᠲᠠᠲᠠᠪᠤᠷᠢᠯᠠᠨ ᠲᠤᠰᠢᠶᠠᠬᠤ᠂ ᠡᠮᠴᠢᠯᠡᠭᠡᠨ ᠤ ᠳᠠᠭᠠᠳᠬᠠᠯ ᠤᠨ ᠡᠯᠧᠺᠲᠷᠣᠨ ᠭᠡᠷᠡᠴᠢ ᠪᠠᠷᠢᠮᠲᠠ ᠶᠢ ᠬᠥᠭᠵᠢᠭᠡᠬᠦ ᠠᠵᠢᠯ  ᠢ ᠠᠬᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠥᠷᠨᠢᠭᠦᠯᠦᠨ᠂ ᠮᠠᠯᠵᠢᠬᠤ ᠣᠷᠣᠨ ᠤ ᠰᠢᠲᠠᠮᠠᠬᠠᠶ ᠬᠡᠶ ᠶᠢᠨ ᠠᠮᠤᠷ ᠲᠦᠪᠰᠢᠨ᠂ ᠰᠠᠯᠬᠢ ᠬᠡᠷᠡᠯ ᠢ ᠬᠠᠷᠢᠯᠴᠠᠨ ᠨᠥᠬᠦᠪᠥᠷᠢᠯᠡᠬᠦ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠭᠤᠤᠯᠳᠠᠯᠭ᠎ᠠ ᠲᠠᠢ ᠠᠵᠢᠯ ᠢ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠠᠬᠤ ᠦᠷ᠎ᠡ ᠪᠦᠲᠦᠭᠡᠯ ᠤᠨ ᠰᠤᠷᠠᠭ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢᠨ ᠠᠵᠢᠯ ᠢ ᠪᠠᠬᠢᠵᠢᠭᠦᠯᠦᠨ ᠥᠷᠭᠡᠳᠬᠡᠬᠦ ᠪᠠ ᠡᠯ᠎ᠡ ᠵᠦᠶᠯ ᠤᠨ ᠭᠤᠤᠯᠳᠠᠯᠭ᠎ᠠ ᠲᠠᠢ ᠠᠵᠢᠯ ᠢ ᠵᠡᠷᠭᠡ  ᠪᠠᠷ ᠠᠳᠬᠤᠵᠤ᠂ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号