ᠬᠦᠢᠲᠡᠨ ᠤᠷᠤᠰᠬᠠᠯ ᠤᠨ ᠨᠥᠯᠥᠭᠡ ᠪᠠᠷ᠂ ᠮᠠᠨ ᠤ ᠬᠤᠰᠢᠭᠤᠨ ᠳᠤ ᠶᠡᠭᠡ ᠬᠡᠪᠴᠢᠶᠡᠨ ᠤ ᠴᠠᠰᠤ ᠣᠷᠣᠵᠤ | ᠳᠤᠯᠠᠭᠠᠨ ᠤ ᠬᠡᠮᠵᠢᠶ᠎ᠡ ᠪᠠᠭᠤᠷᠠᠪᠠ᠃ ᠡᠨᠡᠬᠦ ᠪᠠᠶᠢᠳᠠᠯ ᠬᠠᠨᠳᠤᠭᠤᠯᠤᠨ ᠮᠠᠨ ᠤ ᠬᠤᠰᠢᠭᠤ ᠮᠠᠯ ᠠᠵᠤ ᠠᠬᠤᠢ ᠶᠢᠨ | ᠦᠢᠯᠡᠳᠪᠦᠷᠢᠯᠡᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠢᠨᠵᠢᠯᠡᠬᠦ ᠤᠬᠠᠭᠠᠨᠴᠢ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠠᠪᠴᠤ᠂ ᠣᠨᠴᠠᠭᠠᠶ ᠴᠠᠭ ᠠᠭᠤᠷ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠦᠵᠡᠭᠦᠯᠬᠦ | ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ | | ᠮᠠᠨ ᠤ ᠬᠤᠰᠢᠭᠤᠨ ᠤ ᠬᠢᠨ ᠮᠠᠯ ᠤᠨᠤᠭ᠎ᠠ ᠪᠠᠨ ᠡᠪᠦᠯᠵᠢᠭᠦᠯᠬᠦ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ | ᠯᠠᠪᠳᠠᠭᠤᠨ ᠪᠠᠲᠤᠲᠠᠢ ᠬᠢᠵᠦ᠂ ᠥᠷᠭᠡᠨ ᠣᠯᠠᠨ ᠮᠠᠯᠴᠢᠳ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ | ᠭᠠᠮᠰᠢᠭ ᠢ ᠰᠡᠷᠭᠡᠶᠢᠯᠡᠵᠦ᠂ ᠭᠠᠮᠰᠢᠭ ᠢ ᠪᠠᠭᠠᠰᠬᠠᠬᠤ ᠤᠬᠠᠮᠰᠠᠷ ᠢ ᠨᠢ ᠳᠡᠭᠡᠭᠰᠢᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠳᠤᠮᠳᠠ ᠬᠡᠰᠡᠭ᠂ ᠵᠡᠭᠦᠨ ᠬᠡᠰᠡᠭ ᠤᠨ ᠭᠠᠵᠠᠷ ᠣᠷᠣᠨ ᠳᠤ | ᠭᠠᠮᠰᠢᠭ ᠲᠠᠢ ᠲᠡᠮᠡᠴᠡᠵᠦ ᠪᠠᠴᠢᠮ ᠪᠠᠶᠢᠳᠠᠯ ᠢ ᠠᠷᠭᠠᠴᠠᠬᠤ 5 ᠡᠪᠡᠰᠦ ᠨᠥᠭᠡᠴᠡᠯᠡᠬᠦ ᠰᠠᠭᠤᠷᠢᠨ ᠭᠠᠵᠠᠷ᠂ 25 | ᠭᠠᠴᠠᠭᠠᠨ ᠤ ᠲᠠᠰ ᠤᠨ ᠨᠥᠭᠡᠴᠡ ᠶᠢᠨ ᠬᠥᠮᠥᠷᠭᠡ ᠪᠠᠶᠢᠭᠤᠯᠵᠦ᠂ ᠬᠤᠰᠢᠭᠤ ᠲᠠᠰ ᠤᠨ ᠡᠪᠡᠰᠦ ᠪᠣᠷᠳᠤᠭ᠎ᠠ | ᠨᠥᠭᠡᠴᠡᠯᠡᠬᠦ ᠰᠠᠭᠤᠷᠢᠨ ᠭᠠᠵᠠᠷ ᠢᠶᠠᠷ ᠭᠤᠣᠯ ᠴᠣᠭᠴᠠ ᠪᠣᠯᠭᠠᠵᠤ᠂ ᠰᠤᠮᠤ ᠪᠠᠯᠭᠠᠰᠤ ᠶᠢᠨ ᠬᠤᠪᠢᠶᠠᠷᠢ ᠲᠥᠪ ᠢᠶᠠᠷ | ᠲᠤᠯᠬᠤ ᠴᠡᠭ ᠪᠣᠯᠭᠠᠬᠤ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ᠂ ᠬᠤᠷᠰᠢᠶ᠎ᠠ ᠪᠣᠯᠣᠨ ᠮᠠᠯᠵᠢᠬᠤ ᠡᠷᠦᠬᠡ | ᠶᠢᠨ ᠨᠥᠬᠦᠪᠦᠷᠢᠯᠡᠭᠰᠡᠨ ᠭᠤᠷᠪᠠᠳᠤᠭᠠᠷ ᠳᠡᠰ ᠤᠨ ᠡᠪᠡᠰᠦ ᠪᠣᠷᠳᠤᠭ᠎ᠠ ᠬᠠᠳᠠᠭᠠᠯᠠᠵᠤ ᠵᠥᠭᠡᠭᠡᠪᠦᠷᠢᠯᠡᠬᠦ ᠨᠡᠶᠢᠭᠡᠮᠴᠢᠯᠡᠭᠰᠡᠨ | ᠦᠢᠯᠡᠴᠢᠯᠡᠭᠡᠨ ᠤ ᠵᠠᠭᠪᠤᠷ ᠲᠤ᠂ ᠨᠡᠶᠢᠲᠡ 44.67 ᠲᠦᠮᠡᠨ ᠲᠣᠨ ᠡᠪᠡᠰᠦ ᠪᠣᠷᠳᠤᠭ᠎ᠠ ᠨᠥᠭᠡᠴᠡᠯᠡᠵᠦ᠂ ᠡᠭᠦᠨ ᠳᠤ | ᠭᠤᠷᠪᠠᠳᠤᠭᠠᠷ ᠳᠡᠰ ᠤᠨ ᠲᠥᠪᠯᠡᠷᠡᠭᠦᠯᠦᠨ ᠨᠥᠭᠡᠴᠡᠯᠡᠭᠰᠡᠨ ᠡᠪᠡᠰᠦ ᠪᠣᠷᠳᠤᠭ᠎ᠠ1.22 ᠲᠦᠮᠡᠨ ᠲᠣᠨ᠂ ᠮᠠᠯᠵᠢᠬᠤ | ᠡᠷᠦᠬᠡ ᠬᠤᠪᠢ ᠪᠠᠷ ᠢᠶᠠᠨ 43.45 ᠲᠦᠮᠡᠨ ᠲᠣᠨ ᠪᠡᠯᠡᠳᠬᠡᠵᠦ᠂ 207 ᠲᠦᠮᠡᠨ ᠮᠠᠯ ᠤᠨᠤᠭᠠᠠᠨ ᠤ 120 | ᠡᠳᠦᠷ ᠤᠨ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠬᠠᠩᠭᠠᠵᠤ ᠲᠡᠶᠢᠯᠬᠦ ᠪᠦᠭᠡᠳ ᠬᠤᠰᠢᠭᠤᠨ ᠳᠣᠲᠣᠷᠠᠬᠢ ᠡᠪᠡᠰᠦ | ᠪᠣᠷᠳᠤᠭᠠᠶᠢᠨ ᠲᠣᠬᠢᠷᠠᠭᠤᠯᠤᠯᠲᠠ ᠶᠢᠨ ᠬᠠᠩᠭᠠᠯᠭ᠎ᠠ ᠶᠢ ᠪᠦᠲᠦᠮᠵᠢᠲᠡᠶ ᠪᠠᠲᠤᠯᠠᠵᠤ ᠪᠠᠶᠢᠨ᠎ᠠ᠃ |