ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠰᠦᠯᠵᠢᠶ᠎ᠡ ︽ᠪᠡᠶ᠎ᠡ ᠶᠢᠨ ᠲᠠᠮᠢᠷ ᠤᠨ ᠬᠢᠴᠢᠶᠡᠯ ᠢ | ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ ᠬᠢᠴᠢᠶᠡᠯ ᠪᠣᠯᠭᠠᠵᠤ᠂ ᠪᠠᠭ᠎ᠠ ᠰᠤᠷᠭᠠᠭᠤᠯᠢ ᠶᠢᠨ ᠪᠡᠶ᠎ᠡ ᠶᠢᠨ | ᠲᠠᠮᠢᠷ ᠤᠨ ᠬᠢᠴᠢᠶᠡᠯ ᠤᠨ ᠪᠢᠴᠢᠭ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠬᠤ ᠲᠤᠬᠠᠶ ᠰᠠᠨᠠᠭᠤᠯᠭ᠎ᠠ︾ ᠶᠢᠨ | ᠲᠤᠬᠠᠢ ᠬᠠᠷᠢᠭᠤ ᠥᠭᠪᠡ᠃ | ︽ᠪᠡᠶ᠎ᠡ ᠶᠢᠨ ᠲᠠᠮᠢᠷ ᠤᠨ ᠬᠢᠴᠢᠶᠡᠯ ᠢ ᠭᠤᠤᠯ ᠪᠤᠰᠤ ᠬᠢᠴᠢᠶᠡᠯ ᠪᠠᠶᠢᠭᠰᠠᠨ ᠠᠴᠠ ᠨᠢ ᠭᠤᠤᠯ ᠬᠢᠴᠢᠶᠡᠯ | ᠪᠤᠯᠭᠠᠬᠤ ᠵᠢᠭᠠᠨ ᠰᠤᠷᠭᠠᠯᠲᠠ︾ ᠶᠢᠨ ᠰᠠᠨᠠᠭᠤᠯᠭ᠎ᠠ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ | ᠬᠡᠯᠡᠬᠦ ᠳᠡᠭᠡᠨ᠂ ᠤᠯᠤᠰ ᠤᠨ ᠬᠢᠴᠢᠶᠡᠯ ᠤᠨ ᠲᠥᠰᠦᠯ ᠳᠤ ᠬᠢᠴᠢᠶᠡᠯᠯᠡᠬᠦ ᠬᠢᠴᠢᠶᠡᠯ ᠲᠥᠷᠥᠯ ᠳᠤ ᠭᠤᠤᠯ ᠪᠠ ᠭᠤᠤᠯ | ᠪᠤᠰᠤ ᠶᠢᠨ ᠢᠯᠭᠠᠯ ᠭᠡᠵᠦ ᠪᠠᠶᠢᠬᠤ ᠥᠬᠡᠶ᠃ ᠡᠯ᠎ᠡ ᠬᠢᠴᠢᠶᠡᠯ ᠲᠥᠷᠥᠯ ᠳᠤ ᠴᠥᠮ ᠬᠥᠮᠦᠨ ᠬᠥᠮᠦᠵᠢᠭᠦᠯᠬᠦ | ᠥᠪᠡᠷᠮᠢᠴᠡ ᠦᠨ᠎ᠡ ᠥᠷᠲᠡᠭ ᠲᠠᠢ ᠪᠠᠶᠢᠳᠠᠭ ᠪᠦᠭᠡᠳ ᠬᠤᠭᠤᠷᠣᠨᠳᠣ ᠨᠢ ᠣᠷᠣᠯᠠᠭᠤᠯᠵᠤ ᠪᠣᠯᠬᠤ ᠥᠬᠡᠶ ᠮᠥᠷᠲᠡᠭᠡᠨ | ᠡᠯ᠎ᠡ ᠬᠢᠴᠢᠶᠡᠯ ᠲᠥᠷᠥᠯ ᠳᠤ ᠬᠠᠷᠢᠯᠴᠠᠨ ᠬᠠᠮᠵᠢᠯᠴᠠᠵᠤ᠂ ᠬᠠᠮᠵᠢᠯᠴᠠᠨ ᠬᠥᠮᠦᠨ ᠬᠥᠮᠦᠵᠢᠭᠦᠯᠵᠦ᠂ ᠬᠥᠮᠦᠵᠢᠭᠦᠯᠬᠦ | ᠬᠠᠷᠠᠯᠲᠠ ᠪᠠᠨ ᠪᠡᠶᠡᠯᠡᠬᠦᠯᠬᠦ ᠶᠢ ᠦᠨᠡᠨ ᠬᠦ ᠪᠠᠲᠤᠯᠠᠨ᠎ᠠ ᠭᠡᠵᠦ ᠲᠤᠭᠳᠠᠭᠠᠪᠠ ᠭᠡᠵᠡᠢ᠃ | ︽ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠢᠴᠢᠶᠡᠯ ᠤᠨ ᠪᠢᠴᠢᠭ ᠢ ᠰᠦᠢᠳᠬᠡᠯ ᠦᠯᠦ ᠬᠤᠷᠢᠶᠠᠬᠤ | ᠵᠢᠭᠠᠬᠤ ᠮᠠᠲ᠋ᠧᠷᠢᠶᠠᠯ ᠪᠣᠯᠭᠠᠬᠤ︾ ᠰᠠᠨᠠᠭᠤᠯᠭ᠎ᠠ ᠳᠤ ᠴᠢᠭᠯᠡᠭᠦᠯᠦᠨ᠂ ᠰᠤᠷᠭᠠᠨ ᠬᠥᠮᠦᠵᠢᠯ ᠤᠨ ᠶᠠᠮᠤᠨ ᠤ ᠬᠢᠨ | ᠬᠠᠷᠢᠭᠤ ᠥᠭᠬᠦ ᠳᠡᠭᠡᠨ᠂ 2015 ᠣᠨ ᠤ 11ᠰᠠᠷ᠎ᠠ ᠳᠤ᠂ ︽ᠬᠤᠲᠠ ᠬᠥᠳᠡᠭᠡ ᠶᠢᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠵᠠᠷᠤᠳᠠᠯ ᠢ ᠪᠠᠲᠤᠯᠠᠬᠤ ᠲᠣᠭᠲᠠᠴᠠ ᠶᠢ ᠤᠯᠠᠮ ᠴᠢᠨᠠᠬᠰᠢᠳᠠ ᠲᠡᠭᠦᠯᠳᠡᠷᠵᠢᠭᠦᠯᠬᠦ ᠲᠤᠬᠠᠶ | ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ᠳᠤ ︽ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠵᠦ᠂ ᠰᠦᠢᠳᠬᠡᠯ ᠬᠤᠷᠢᠶᠠᠬᠤ | ᠦᠭᠡᠶ ᠪᠠᠷ ᠬᠢᠴᠢᠶᠡᠯ ᠤᠨ ᠪᠢᠴᠢᠭ ᠬᠠᠩᠭᠠᠵᠦ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠪᠠᠶᠢᠷᠢ ᠳᠤ | ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠨᠥᠬᠦᠪᠥᠷᠢ ᠥᠭᠬᠦᠨ᠎ᠡ ︵︿ᠬᠤᠶᠠᠷ ᠢ ᠬᠡᠯᠲᠦᠷᠢᠭᠦᠯᠵᠦ ᠨᠢᠭᠡ ᠶᠢ | ᠨᠥᠬᠦᠪᠥᠷᠢᠯᠡᠬᠦ﹀ ᠭᠡᠵᠦ ᠶᠡᠷᠦᠩᠬᠡᠶᠢᠯᠡᠨ ᠨᠡᠷᠡᠶᠢᠳᠪᠡ︾ ᠭᠡᠵᠦ ᠲᠣᠭᠲᠠᠭᠠᠵᠠᠶ᠃ ᠪᠡᠶ᠎ᠡ ᠶᠢᠨ ᠲᠠᠮᠢᠷ ᠬᠢᠭᠡᠳ ᠡᠷᠡᠭᠦᠯ | ᠮᠡᠨᠳᠦ ᠶᠢᠨ ᠵᠢᠭᠠᠬᠤ ᠮᠠᠲ᠋ᠧᠷᠢᠶᠠᠯ ᠨᠢ ᠤᠯᠤᠰ ᠤᠨ ᠬᠢᠴᠢᠶᠡᠯ ᠤᠨ ᠵᠢᠭᠠᠬᠤ ᠮᠠᠲ᠋ᠧᠷᠢᠶᠠᠯ ᠪᠣᠯᠤᠭᠰᠠᠨ ᠤ ᠬᠤᠪᠢ ᠳᠤ᠂ | ᠲᠥᠪ ᠤᠨ ᠪᠥᠬᠦ ᠲᠤᠭ᠎ᠠ ᠪᠠᠷ ᠡᠭᠦᠷᠭᠡᠯᠡᠵᠦ ᠪᠠᠶᠢᠭ᠎ᠠ ᠰᠦᠢᠳᠭᠡᠯ ᠬᠤᠷᠢᠶᠠᠬᠤ ᠥᠬᠡᠶ ᠵᠢᠭᠠᠬᠤ ᠮᠠᠲ᠋ᠧᠷᠢᠶᠠᠯ | ᠪᠣᠯᠤᠭᠰᠠᠭᠠᠷ ᠢᠷᠡᠵᠡᠶ ᠬᠡᠪᠡ᠃ |