ᠮᠠᠨ ᠤ ᠬᠤᠰᠢᠭᠤ ᠴᠠᠰᠤ ᠠᠷᠢᠯᠭᠠᠵᠤ ᠵᠠᠮ ᠨᠡᠪᠲᠡᠷᠡᠭᠦᠯᠦᠨ ᠠᠷᠠᠳ ᠤᠨ ᠠᠮᠢᠳᠤᠷᠠᠯ ᠢ ᠪᠠᠲᠤᠯᠠᠨ ᠴᠠᠰᠤ ᠰᠢᠭᠤᠷᠭ᠎ᠠ ᠶᠢ ᠢᠳᠡᠪᠬᠢᠲᠡᠢ ᠪᠠᠷ ᠠᠷᠭᠠᠴᠠᠭᠠᠵᠤ ᠪᠠᠶᠢᠨ᠎ᠠ
ᠨᠡᠶᠢᠲᠡᠯᠡᠭᠰᠡᠨ ᠴᠠᠭ᠄
2023/12/7
      ᠣᠶᠢᠷ᠎ᠠ ᠶᠢᠨ ᠡᠳᠦᠷ ᠤᠳ ᠲᠤ  ᠴᠠᠰᠤ ᠶᠡᠭᠡ ᠤᠷᠤᠵᠤ᠂ ᠲᠡᠭᠷᠢ ᠮᠠᠭᠤᠬᠠᠶᠢᠷᠠᠭᠰᠠᠨ ᠠᠴᠠ ᠮᠠᠨ  ᠤ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠠᠰᠤ ᠠᠷᠢᠯᠭᠠᠨ ᠰᠠᠭᠠᠳ ᠦᠭᠡᠢ ᠨᠠᠪᠲᠡᠷᠡᠬᠦ ᠠᠵᠢᠯ   ᠢ ᠪᠥᠬᠦ ᠬᠦᠴᠦᠨ   ᠢᠶᠠᠷ   ᠢᠶᠠᠨ ᠰᠠᠶᠢᠲᠤᠷ ᠬᠢᠵᠦ᠂ ᠠᠷᠠᠳ ᠣᠯᠠᠨ ᠤ ᠬᠡᠪ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠵᠤ ᠪᠠᠶᠢᠨ᠎ᠠ᠃      ᠬᠡᠳᠦᠨ ᠡᠳᠦᠷ ᠤᠨ ᠴᠠᠰᠤ ᠰᠢᠭᠤᠷᠭᠠᠨ ᠳᠤ ᠬᠠᠳᠠᠪᠴᠢ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠠᠮᠲᠤᠷᠠᠨ ᠪᠠᠶᠢᠭᠤᠯᠤᠭᠰᠠᠨ ᠨᠢᠭᠡᠴᠡ ᠠᠴᠠ ᠪᠠᠶᠢᠭᠤᠯᠤᠭᠰᠠᠨ ᠨᠠᠮ ᠤᠨ ᠭᠡᠰᠢᠭᠦᠨ ᠤ ᠬᠤᠰᠢᠭᠤᠴᠢ ᠠᠩᠭᠢ ᠨᠢᠭᠲᠠ ᠪᠦᠯᠬᠦᠮᠳᠡᠨ ᠬᠠᠮᠵᠢᠯᠴᠠᠵᠤ᠂ ᠬᠥᠮᠥᠨ ᠤ ᠬᠦᠴᠦ ᠪᠠᠷ ᠴᠡᠪᠡᠷᠯᠡᠬᠦ ᠪᠠ ᠲᠣᠮᠣ ᠬᠡᠯᠪᠡᠷᠢ ᠶᠢᠨ ᠴᠠᠰᠤ ᠴᠡᠪᠡᠷᠯᠡᠬᠦ ᠮᠠᠰᠢᠨ ᠮᠧᠬᠠᠨᠢᠭ ᠢ ᠬᠠᠮᠵᠢᠯᠴᠠᠭᠤᠯᠬᠤ ᠠᠷᠭ᠎ᠠ ᠪᠠᠷ ᠬᠠᠲᠠᠪᠴᠢ ᠪᠠᠯᠭᠠᠰᠤᠨ ᠤ ᠭᠤᠣᠯ ᠪᠣᠯᠬᠤ ᠵᠠᠮ ᠤᠨ ᠬᠤᠷᠠᠭᠰᠠᠨ ᠴᠠᠰᠤ ᠶᠢ ᠬᠠᠮᠤᠭ ᠤᠨ ᠲᠦᠷᠭᠡᠨ ᠢᠶᠠᠷ ᠴᠡᠪᠡᠷᠯᠡᠭᠰᠡᠨ ᠪᠥᠭᠡᠳ ᠴᠠᠰᠦᠨ ᠤ ᠪᠠᠶᠢᠳᠠᠯ ᠮᠡᠯᠢᠶᠡᠳ ᠬᠦᠨᠳᠦ ᠮᠠᠯᠴᠢᠨ ᠡᠷᠦᠬᠡ ᠶᠢ ᠬᠠᠪᠰᠤᠷᠤᠨ ᠬᠠᠰᠢᠶ᠎ᠠ ᠰᠠᠷᠠᠪᠴᠢᠨ ᠳᠠᠬᠢ ᠬᠤᠷᠠᠭᠰᠠᠨ ᠴᠠᠰᠤ ᠶᠢ ᠨᠢ ᠴᠡᠪᠡᠷᠯᠡᠵᠦ ᠥᠭᠭᠦᠨ᠂ ᠴᠠᠰᠦᠨ ᠳᠤ ᠬᠠᠰᠢᠭᠳᠠᠭᠰᠠᠨ ᠵᠠᠮ ᠢ ᠨᠡᠪᠲᠡᠷᠡᠭᠦᠯᠬᠦ ᠶᠢᠨ ᠬᠠᠮᠲᠤ ᠮᠠᠯᠴᠢᠳ ᠲᠤ ᠴᠠᠰᠦ ᠰᠢᠭᠤᠷᠭᠠᠨ ᠠᠴᠠ ᠮᠠᠯ ᠤᠨᠤᠭ᠎ᠠ ᠪᠠᠨ ᠬᠠᠮᠠᠭᠠᠯᠠᠬᠤ ᠠᠵᠢᠯ ᠢ ᠰᠠᠶᠢᠲᠤᠷ ᠶᠢ ᠰᠠᠨᠠᠭᠤᠯᠪᠠ᠃      ᠨᠥᠬᠦᠴᠡᠯ ᠮᠠᠭᠤ ᠴᠠᠭ ᠠᠭᠠᠷ ᠨᠢ ᠨᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠪᠠ ᠮᠠᠯᠵᠢᠬᠤ ᠣᠷᠣᠨ ᠤ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠨᠡᠯᠢᠶᠡᠳ ᠶᠡᠭᠡ ᠨᠥᠯᠥᠭᠡ ᠦᠵᠡᠭᠦᠯᠵᠦ ᠪᠠᠶᠢᠨ᠎ᠠ᠂ ᠬᠠᠬᠢᠷ ᠬᠦᠢᠲᠡᠨ ᠴᠠᠰᠤ ᠰᠢᠭᠤᠷᠭᠠᠨ ᠳᠤᠮᠳᠠ᠂ ᠪᠥᠬᠦ ᠬᠤᠰᠢᠭᠤᠨ ᠤ ᠡᠯ᠎ᠡ ᠠᠵᠢᠯ ᠲᠥᠷᠥᠯ ᠤᠨ ᠺᠠᠳ᠋ᠷ ᠠᠵᠢᠯᠲᠠᠨ ᠪᠠ ᠣᠯᠠᠨ ᠲᠦᠮᠡᠨ ᠬᠠᠮᠲᠤ ᠪᠠᠷ ᠬᠤᠷᠠᠭᠰᠠᠨ ᠴᠠᠰᠤ ᠶᠢ ᠠᠷᠢᠯᠭᠠᠨ᠂ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠮᠠᠯᠴᠢᠨ ᠲᠦᠮᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号