ᠬᠠᠲᠠᠪᠴᠢ ᠪᠠᠯᠭᠠᠰᠤ ᠨᠢ ᠡᠪᠦᠯ ᠤᠨ ᠤᠯᠠᠷᠢᠯ ᠤᠨ ᠭᠤᠤᠯᠳᠠᠯᠭᠠᠲᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/7
      ᠡᠪᠦᠯ ᠤᠨ ᠤᠯᠠᠷᠢᠯ ᠤᠨ ᠡᠯ᠎ᠡ ᠲᠠᠯ᠎ᠠ ᠶᠢᠨ ᠭᠤᠤᠯᠳᠠᠯᠭᠠᠲᠤ ᠠᠵᠢᠯ ᠤᠨ ᠡᠭᠦᠷᠭᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠶᠢᠨ ᠲᠥᠯᠥᠭᠡ᠂ 11 ᠰᠠᠷ᠎ᠠ ᠶᠢᠨ 27 ᠤ ᠡᠳᠦᠷ᠂ ᠬᠠᠲᠠᠪᠴᠢ ᠪᠠᠯᠭᠠᠰᠤ ᠨᠢ ᠡᠪᠦᠯ ᠤᠨ ᠤᠯᠠᠷᠢᠯ ᠤᠨ ᠭᠤᠤᠯᠳᠠᠯᠭᠠᠲᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠦ᠂ ᠪᠠᠯᠭᠠᠰᠤᠨ ᠤ ᠪᠦᠬᠦ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠨᠢ ᠭᠤᠣᠯᠳᠠᠭᠤ ᠡᠪᠦᠯ ᠤᠨ ᠤᠯᠠᠷᠢᠯ ᠤᠨ ᠴᠠᠰᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠂ ᠡᠪᠡᠰᠦ ᠪᠣᠷᠳᠤᠭ᠎ᠠ ᠨᠥᠭᠡᠴᠡᠯᠡᠬᠦ᠂ ᠠᠷᠠᠳ ᠤᠨ ᠠᠮᠢᠳᠤᠷᠠᠯ ᠤᠨ ᠬᠦᠷᠢᠶᠡᠨ ᠤ ᠨᠠᠰᠤᠵᠢᠯ᠂ ᠡᠮ ᠡᠮᠨᠡᠯᠭᠡ ᠶᠢᠨ ᠳᠠᠭᠠᠳᠬᠠᠯ ᠤᠨ ᠠᠵᠢᠯ ᠵᠢᠴᠢ ᠺᠠᠳ᠋ᠷ ᠤᠨ ᠠᠵᠢᠯ ᠤᠨ ᠰᠠᠬᠢᠯᠭ᠎ᠠ ᠪᠠᠲᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠤᠯᠠᠮ ᠨᠢᠭᠡ ᠠᠯᠬᠤᠮ ᠨᠠᠷᠢᠯᠢᠭᠵᠢᠭᠤᠯᠤᠨ ᠪᠠᠶᠢᠷᠢᠯᠠᠭᠤᠯᠤᠯᠲᠠ ᠬᠢᠪᠡ᠃ ᠡᠭᠦᠨ ᠳᠤ᠂ ᠨᠢᠭᠡ ᠳᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠢᠳᠡᠪᠬᠢᠲᠡᠢ ᠪᠠᠷ ᠠᠬᠢᠭᠤᠯᠵᠦ᠂ ᠣᠶᠢᠷ᠎ᠠ ᠶᠢᠨ ᠬᠤᠭᠤᠴᠠᠭᠠᠨ ᠳᠠᠬᠢ ᠮᠠᠨ ᠤ ᠪᠠᠯᠭᠠᠰᠤᠨ ᠤ ᠶᠡᠭᠡ ᠬᠡᠪᠴᠢᠶᠡᠨ ᠤ ᠴᠠᠰᠤ ᠣᠷᠣᠬᠤ᠂ ᠬᠦᠢᠲᠡᠷᠡᠬᠦ᠂ ᠶᠡᠭᠡ ᠰᠠᠯᠬᠢ ᠰᠠᠯᠬᠢᠯᠠᠬᠤ ᠵᠡᠷᠭᠡ ᠣᠨᠴᠠᠭᠠᠶ ᠴᠠᠭ ᠠᠭᠤᠷ ᠤᠨ ᠪᠠᠶᠢᠳᠠᠯ ᠳᠤ ᠬᠠᠨᠳᠤᠭᠤᠯᠤᠨ᠂ ᠪᠥᠬᠦ ᠺᠠᠳ᠋ᠷ ᠠᠵᠢᠯᠲᠠᠨ᠂ ᠭᠠᠴᠠᠭᠠᠨ ᠤ ︽ᠬᠤᠶᠠᠷ ᠵᠥᠪᠯᠡᠯ︾ ᠠᠴᠠ ᠬᠠᠷᠢᠶᠠᠲᠤ ᠣᠷᠣᠨ ᠤ ᠴᠠᠰᠤ ᠣᠷᠣᠭᠰᠠᠨ ᠪᠠᠶᠢᠳᠠᠯ᠂ ᠮᠠᠯᠴᠢᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠵᠢᠴᠢ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠴᠠᠭ ᠲᠤᠬᠠᠢ  ᠳᠤᠨᠢ ᠤᠶᠢᠯᠠᠭᠠᠨ᠂ ᠴᠠᠭ ᠠᠭᠤᠷ ᠤᠨ ᠬᠤᠪᠢᠷᠠᠯᠲᠠ ᠶᠢ ᠠᠩᠬᠠᠷᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠴᠠᠰᠤ ᠰᠢᠭᠤᠷᠭᠠᠨ ᠤ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠦᠵᠡᠭᠦᠯᠬᠦ ᠨᠥᠯᠥᠭᠡ ᠶᠢ ᠪᠦᠲᠦᠮᠵᠢᠲᠡᠶ ᠬᠤᠷᠢᠭᠯᠠᠬᠤ ᠬᠡᠷᠡᠭᠲᠡᠢ ᠭᠡᠰᠡᠨ ᠪᠠᠶᠢᠨ᠎ᠠ᠃ ᠬᠤᠶᠠᠷ ᠲᠤ᠂ ᠪᠥᠬᠦ ᠪᠠᠯᠭᠠᠰᠤᠨ ᠤ ᠮᠠᠯᠵᠢᠬᠤ ᠡᠷᠦᠬᠡ ᠶᠢᠨ ᠡᠪᠦᠯ ᠤᠨ ᠤᠯᠠᠷᠢᠯ ᠤᠨ ᠡᠪᠡᠰᠦ ᠪᠣᠷᠳᠤᠭ᠎ᠠ ᠶᠢᠨ ᠨᠥᠭᠡᠴᠡᠯᠡᠯᠲᠡ᠂ ᠡᠪᠦᠯᠵᠢᠬᠦ ᠡᠳ᠋ ᠪᠣᠳᠠᠰ ᠤᠨ ᠨᠥᠭᠡᠴᠡᠯᠡᠯᠲᠡ ᠶᠢᠨ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠬᠦᠴᠢᠷᠳᠡᠯ ᠠᠰᠠᠭᠤᠳᠠᠯ ᠢ ᠣᠨᠣᠪᠴᠢᠲᠠᠶ ᠣᠶᠢᠯᠠᠭᠠᠨ ᠰᠢᠢᠳᠪᠦᠷᠢᠯᠡᠵᠦ᠂ ᠴᠠᠭ ᠲᠤᠬᠠᠢ ᠳᠤᠨᠢ ᠲᠣᠬᠢᠷᠠᠭᠤᠯᠬᠤ ᠠᠵᠢᠯ ᠢ ᠦᠷᠨᠢᠭᠦᠯᠦᠨ᠂ ᠮᠠᠯᠵᠢᠬᠤ ᠡᠷᠦᠬᠡ ᠶᠢᠨ ᠮᠠᠯ ᠤᠨᠤᠭᠠᠨ ᠤ ᠠᠮᠤᠷ ᠲᠦᠪᠰᠢᠨ ᠢᠶᠠᠷ ᠡᠪᠦᠯᠵᠢᠬᠦ ᠳᠤ ᠪᠠᠲᠤ ᠪᠠᠬᠢ ᠡᠳ᠋ ᠪᠣᠳᠠᠰ ᠤᠨ ᠪᠠᠲᠤᠯᠠᠭ᠎ᠠ ᠬᠠᠩᠭᠠᠨ᠎ᠠ ᠭᠡᠰᠡᠨ ᠪᠠᠶᠢᠨ᠎ᠠ᠃ ᠭᠤᠷᠪᠠ ᠳᠤ᠂ ᠨᠠᠰᠤᠵᠢᠯ ᠤᠨ ᠳᠠᠭᠠᠳᠬᠠᠯ ᠪᠤᠯᠤᠨ ᠬᠤᠷᠰᠢᠭᠰᠠᠨ ᠡᠮᠨᠡᠯᠭᠡ ᠶᠢᠨ ᠰᠦᠢᠳᠬᠡᠯ ᠲᠤᠰᠢᠶᠠᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠦ᠂ ᠣᠯᠠᠨ ᠲᠦᠮᠡᠨ ᠤ ᠨᠠᠰᠤᠵᠢᠯ᠂ ᠡᠮ ᠡᠮᠨᠡᠯᠭᠡ ᠶᠢᠨ ᠳᠠᠭᠠᠳᠬᠠᠯ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠭᠠᠴᠠᠭᠠᠨ ᠤ ᠲᠤᠤᠷᠴᠢᠯᠠᠭᠰᠠᠨ ᠬᠠᠮᠢᠶᠠᠷᠤᠯᠲᠠ ᠶᠢᠨ ᠡᠭᠦᠷᠭᠡ ᠴᠢᠳᠠᠮᠵᠢ ᠶᠢ ᠰᠠᠶᠢᠲᠤᠷ ᠪᠠᠳᠠᠷᠠᠭᠤᠯᠤᠨ᠂ ᠮᠠᠯᠴᠢᠨ ᠲᠦᠮᠡᠨ ᠶᠢ ᠳᠠᠶᠢᠴᠢᠯᠠᠨ ᠵᠣᠬᠢᠶᠠᠨ ᠪᠠᠶᠢᠭᠤᠯᠵᠤ᠂ ᠰᠦᠯᠵᠢᠶᠡᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠰᠤᠷᠠᠭ ᠵᠠᠩᠬᠢ ᠶᠢᠨ ᠬᠤᠯᠪᠣᠭᠠᠰᠤ  ᠶᠢ ᠳᠠᠮᠵᠢᠭᠤᠯᠬᠤ ᠵᠢᠴᠢ ᠤᠬᠠᠭᠤᠯᠭ᠎ᠠ ᠶᠢᠨ ᠳᠡᠪᠲᠡᠷ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠤᠯᠤᠰ  ᠤᠨ ᠡᠯᠧᠺᠲᠷᠣᠨ ᠡᠮ ᠡᠮᠴᠢᠯᠡᠭᠡᠨ ᠤ ᠳᠠᠭᠠᠳᠬᠠᠯ ᠢ ᠬᠡᠷᠬᠢᠨ ᠠᠰᠢᠭᠯᠠᠨ ᠬᠡᠷᠡᠭᠯᠡᠬᠦ ᠶᠢ ᠵᠢᠭᠠᠨ ᠵᠢᠯᠤᠭᠤᠳᠴᠦ᠂ ᠡᠭᠦᠨ  ᠤ ᠬᠠᠮᠲᠦ ᠬᠠᠷᠢᠶᠠᠲᠤ ᠤᠷᠤᠨ ᠤ ᠨᠠᠰᠤᠵᠢᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠦᠷᠭᠡᠳᠬᠡᠨ᠎ᠡ ᠭᠡᠰᠡᠨ ᠪᠠᠶᠢᠨ᠎ᠠ᠃ ᠳᠥᠷᠪᠡ ᠳᠤ᠂ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠺᠠᠳ᠋ᠷ ᠤᠨ ᠠᠵᠢᠯ ᠤᠨ ᠰᠤᠷᠲᠠᠯ ᠢ ᠬᠤᠪᠢᠷᠠᠭᠤᠯᠤᠨ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠵᠤ᠂ ᠡᠯ᠎ᠡ ᠲᠠᠯ᠎ᠠ ᠶᠢᠨ ᠠᠵᠢᠯ ᠤᠨ ᠡᠮᠬᠢ ᠵᠢᠷᠤᠮ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠬᠡᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠯᠭᠠᠰᠤᠨ ᠤ ᠺᠠᠳ᠋ᠷ ᠠᠵᠢᠯᠲᠠᠳ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠴᠢᠯᠦᠭᠡᠯᠡᠵᠦ᠂ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠦᠢᠯᠡᠰ ᠪᠦᠳᠦᠭᠡᠵᠦ᠂ ᠡᠭᠦᠷᠭᠡ ᠱᠠᠭᠠᠷᠳᠠᠯᠭ᠎ᠠ ᠪᠠᠨ ᠲᠤᠳᠤᠳᠬᠠᠨ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠵᠦ᠂ ᠪᠦᠬᠦ ᠲᠠᠯ᠎ᠠ ᠶᠢᠨ ᠦᠵᠡᠯ ᠰᠠᠨᠠᠭ᠎ᠠ ᠶᠢ ᠪᠣᠶ ᠪᠤᠯᠭᠠᠨ᠂ ᠡᠪᠦᠯ ᠤᠨ ᠤᠯᠠᠷᠢᠯ ᠤᠨ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠨᠢᠭᠡᠳᠦᠯᠲᠡᠢ ᠲᠥᠯᠥᠪᠯᠡᠨ ᠠᠷᠭ᠎ᠠ ᠰᠦᠪᠡᠭᠴᠢᠯᠡᠵᠦ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠦᠨᠳᠦᠷ ᠪᠠᠷᠢᠮᠵᠢᠶ᠎ᠠ ᠂ ᠬᠢᠷᠢ ᠲᠦᠪᠰᠢᠨ ᠪᠦᠬᠦᠢ ᠨᠠᠶᠢᠳᠠᠪᠦᠷᠢᠵᠢᠭᠤᠯᠤᠯᠲᠠ ᠶᠢ ᠴᠢᠩᠭᠠᠳᠬᠠᠨ᠂ ᠬᠦᠴᠢᠷᠳᠡᠯ ᠢ ᠢᠯᠠᠨ ᠳᠠᠪᠠᠵᠦ ᠲᠤᠲᠠᠭᠳᠠᠯ ᠢᠶᠠᠨ ᠨᠥᠬᠦᠪᠦᠷᠢᠯᠡᠵᠦ᠂ ᠪᠥᠬᠦ ᠪᠠᠯᠭᠠᠰᠤᠨ ᠤ ᠡᠯ᠎ᠡ ᠲᠠᠯ᠎ᠠ ᠶᠢᠨ ᠠᠵᠢᠯ ᠤᠨ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠠᠬᠢᠭᠤᠯᠤᠨ᠂ ᠬᠠᠲᠠᠪᠴᠢ ᠪᠠᠯᠭᠠᠰᠤᠨ ᠤ ᠴᠢᠨᠠᠷ ᠰᠠᠶᠢᠲᠠᠢ ᠬᠥᠭᠵᠢᠯᠲᠡ ᠶᠢ ᠪᠠᠶᠡᠯᠡᠭᠦᠯᠬᠦ ᠪᠠᠷ ᠦᠷᠭᠦᠯᠵᠢᠯᠡᠨ ᠴᠢᠷᠮᠠᠶᠢᠬᠤ ᠬᠡᠷᠡᠭᠲᠡᠢ ᠬᠡᠰᠡᠨ ᠪᠠᠶᠢᠨ᠎ᠠ᠃
 
ᠢᠷᠡᠯᠲᠡ᠄ ᠬᠠᠳᠠᠪᠴᠢ ᠪᠠᠯᠭᠠᠰᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号