ᠵᠡᠭᠦᠨ ᠦᠵᠦᠮᠦᠴᠢᠨ ᠬᠤᠰᠢᠭᠤᠨ ᠤ ᠬᠢᠨ ᠣᠯᠠᠨ ᠠᠷᠭ᠎ᠠ ᠬᠡᠮᠵᠢᠶ᠎ᠡ ᠠᠪᠴᠤ ᠪᠣᠭᠤᠮᠲᠠ ᠶᠢᠨ ︽ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ︾ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2023/2/23
      ᠨᠢᠭᠡ ᠳᠤ᠂ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠭᠦᠯᠬᠦ ᠲᠣᠬᠢᠷᠠᠭᠤᠯᠤᠯᠲᠠ ᠶᠢ ᠴᠢᠩᠭᠠᠳᠬᠠᠵᠤ᠂ ᠪᠣᠭᠤᠮᠲᠠ ᠪᠠᠷ ᠥᠩᠭᠡᠷᠡᠭᠦᠯᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠪᠠᠶᠢᠴᠠᠭᠠᠨ ᠰᠢᠯᠭᠠᠬᠤ ᠴᠢᠬᠤᠯᠠ ᠦᠭᠡᠢ ᠲᠠᠰ ᠳᠠᠷᠠᠭᠠᠯᠠᠯ ᠢ ᠪᠠᠭᠠᠰᠬᠠᠵᠤ᠂ ᠪᠠᠷᠠᠭᠠᠨ ᠤ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠪᠡ᠃ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠴᠢᠳᠠᠪᠤᠷᠢ ᠶᠢ ᠳᠡᠭᠡᠭᠰᠢᠯᠡᠭᠦᠯᠪᠡ᠃ ᠲᠥᠷᠥᠯ ᠵᠦᠢᠯ ᠳᠤ ᠨᠢᠭᠡᠨᠲᠡ ᠵᠠᠮ ᠤᠨ ᠭᠤᠯᠳᠤᠷᠢᠯ ︵ᠬᠤᠩᠭᠢᠯ︶ ᠢ ᠲᠡᠭᠰᠢᠯᠡᠬᠦ᠂ ᠲᠠᠰ ᠬᠤᠪᠢᠶᠠᠨ ᠴᠢᠯᠠᠭᠤ ᠳᠡᠪᠢᠰᠬᠦ᠂ ᠴᠢᠯᠠᠭᠤᠨ ᠰᠠᠭᠤᠷᠢ ᠶᠢ ᠲᠣᠭᠲᠠᠪᠤᠷᠢᠵᠢᠭᠤᠯᠬᠤ᠂ ᠵᠠᠮ ᠤᠨ ᠭᠠᠳᠠᠷᠭᠤ ᠶᠢ ᠪᠢᠲᠡᠭᠦᠮᠵᠢᠯᠡᠬᠦ ᠪᠠ ᠪᠣᠭᠤᠮᠲᠠ᠂ ᠬᠢᠯᠢ ᠶᠢᠨ ᠪᠠᠶᠢᠴᠠᠭᠠᠯᠲᠠ ᠶᠢᠨ ᠪᠠᠶᠢᠴᠠᠭᠠᠨ ᠰᠢᠯᠭᠠᠬᠤ ᠳᠤ ᠬᠡᠷᠡᠭᠯᠡᠬᠦ ᠭᠡᠷ ᠪᠠᠶᠢᠰᠢᠩ ᠤᠨ ᠭᠤᠣᠯ ᠴᠣᠭᠴᠠ ᠶᠢ ᠪᠡᠶᠡᠯᠡᠭᠦᠯᠵᠦ᠂ ᠦᠯᠡᠳᠡᠭᠰᠡᠨ ᠪᠠᠷᠢᠯᠭ᠎ᠠ ᠶᠢ 4 ᠰᠠᠷ᠎ᠠ ᠶᠢᠨ ᠰᠡᠭᠦᠯᠴᠢ ᠠᠴᠠ ᠡᠮᠦᠨ᠎ᠡ ᠴᠠᠭ ᠠᠭᠤᠷ ᠳᠤᠯᠠᠭᠠᠷᠠᠭᠰᠠᠨ ᠤ ᠳᠠᠷᠠᠭ᠎ᠠ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃      ᠬᠤᠶᠠᠷ ᠲᠤ᠂ ᠣᠲᠣ ᠶᠢᠨ ᠪᠠᠶᠢᠭ᠎ᠠ ᠣᠶᠤᠨᠲᠤ ᠺᠠᠷᠲ ᠤᠨ ᠠᠮᠠᠰᠠᠷ ᠢ ᠲᠠᠰ ᠳᠡᠪᠰᠢᠭᠦᠯᠦᠨ ᠥᠭᠡᠷᠡᠴᠢᠯᠡᠵᠦ᠂ ᠲᠦᠷ ᠴᠠᠭ ᠤᠨ ᠴᠢᠨᠠᠷᠲᠠᠢ ᠪᠣᠭᠤᠮᠲᠠ ᠶᠢ ᠨᠡᠮᠡᠨ ᠪᠠᠶᠢᠭᠤᠯᠵᠤ᠂ ᠴᠢᠩᠭᠡᠯᠢᠭ ᠤᠨ ᠲᠡᠷᠭᠡ ᠬᠥᠰᠬᠡ ᠶᠢᠨ H986 ᠪᠠᠷᠠᠭᠠᠨ ᠤ ᠲᠡᠷᠭᠡ ᠶᠢ ᠪᠠᠶᠢᠴᠠᠭᠠᠨ ᠰᠢᠯᠭᠠᠬᠤ ᠰᠢᠰᠲ᠋ᠧᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠪᠠᠲᠤᠯᠠᠪᠡ᠃ ᠪᠠᠷᠠᠭᠠᠨ ᠤ ᠲᠡᠭᠡᠭᠡᠪᠦᠷᠢ ᠶᠢᠨ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠳᠠᠭᠤᠰᠤᠭᠰᠠᠨ ᠤ ᠳᠠᠷᠠᠭ᠎ᠠ ᠣᠶᠤᠨᠲᠤ ᠪᠣᠭᠤᠮᠲᠠ ᠶᠢ ᠤᠭᠰᠠᠷᠠᠵᠤ ᠪᠣᠯᠣᠨ᠎ᠠ᠂ ᠵᠢᠱᠢᠯᠲᠡ ᠪᠠᠷ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠤᠨ᠎ᠠ᠃ ᠪᠣᠭᠤᠮᠲᠠ ᠶᠢᠨ H986 ᠲᠣᠨᠤᠭ ᠲᠥᠬᠦᠭᠡᠷᠦᠮᠵᠢ ᠶᠢ ᠵᠠᠳᠠᠯᠤᠨ ᠤᠭᠰᠠᠷᠠᠵᠤ ᠲᠡᠭᠡᠭᠡᠪᠦᠷᠢᠯᠡᠬᠦ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠨᠢᠭᠡᠨᠲᠡ ᠪᠡᠶᠡᠯᠡᠭᠦᠯᠵᠦ᠂ ᠪᠣᠭᠤᠮᠲᠠ ᠶᠢᠨ ᠪᠠᠶᠢᠴᠠᠭᠠᠬᠤ ᠰᠢᠰᠲ᠋ᠧᠮ ᠤᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠪᠣᠯᠣᠮᠵᠢᠲᠤ ᠰᠣᠳᠣᠯᠭᠠᠨ᠂ ᠭᠠᠵᠠᠷ ᠰᠢᠷᠣᠢ᠂ ᠲᠥᠯᠦᠪᠵᠢᠭᠦᠯᠭᠡ᠂ ᠬᠠᠶᠢᠨ ᠪᠠᠶᠢᠴᠠᠭᠠᠯᠲᠠ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠵᠢᠴᠢ ᠬᠢᠵᠠᠭᠠᠷᠯᠠᠬᠤ ᠦᠨ᠎ᠡ ᠶᠢ ᠨᠠᠶᠢᠷᠠᠭᠤᠯᠤᠨ ᠵᠣᠬᠢᠶᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠨᠢᠭᠡᠨᠲᠡ ᠪᠡᠶᠡᠯᠡᠭᠦᠯᠵᠦ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠶᠠᠭ ᠵᠣᠬᠢᠶᠠᠨ ᠪᠠᠶᠢᠭᠤᠯᠵᠤ᠂ 4 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠵᠤ᠂ 8 ᠰᠠᠷ᠎ᠠ ᠶᠢᠨ ᠰᠡᠭᠦᠯᠴᠢ ᠠᠴᠠ ᠡᠮᠦᠨ᠎ᠡ ᠪᠠᠷᠢᠯᠭ᠎ᠠ ᠳᠠᠭᠤᠰᠬᠠᠨ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃      ᠭᠤᠷᠪᠠ ᠳᠤ᠂ ᠣᠲᠣ ᠶᠢᠨ ᠪᠠᠶᠢᠭ᠎ᠠ ᠬᠢᠨᠠᠨ ᠬᠠᠮᠢᠶᠠᠷᠬᠤ ᠬᠥᠮᠥᠷᠭᠡ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠥᠨᠳᠥᠷ ᠪᠦᠲᠦᠮᠵᠢᠲᠡᠶ ᠪᠠᠷ ᠠᠵᠢᠯᠯᠠᠬᠤ ᠶᠢ ᠦᠨᠡᠨ ᠬᠦ ᠪᠠᠲᠤᠯᠠᠪᠡ᠃ ᠡᠭᠦᠨ ᠤ ᠬᠠᠮᠲᠤ᠂ ᠬᠢᠨᠠᠨ ᠬᠠᠮᠢᠶᠠᠷᠬᠤ ᠬᠥᠮᠥᠷᠭᠡ ᠶᠢ ᠰᠢᠨ᠎ᠡ ᠪᠠᠷ 1 ᠨᠡᠮᠡᠭᠳᠡᠭᠦᠯᠦᠨ᠎ᠡ᠃ ᠣᠳᠣᠬᠠᠨ ᠳᠤ ᠬᠢᠨᠠᠨ ᠬᠠᠮᠢᠶᠠᠷᠬᠤ ᠬᠥᠮᠥᠷᠭᠡ ᠶᠢᠨ ᠭᠤᠣᠯ ᠴᠣᠭᠴᠠ ᠶᠢ ᠨᠢᠭᠡᠨᠲᠡ ᠪᠠᠶᠢᠭᠤᠯᠵᠤ ᠳᠠᠭᠤᠰᠬᠠᠭᠠᠳ᠂ ᠪᠣᠭᠤᠮᠲᠠ ᠶᠢᠨ ᠢᠯᠡ ᠨᠡᠶᠢᠲᠡᠯᠡᠬᠦ ᠠᠵᠢᠯ ᠢ ᠨᠢᠭᠡᠨᠲᠡ ᠳᠠᠭᠤᠰᠬᠠᠵᠤ᠂ ᠨᠢᠭᠡᠨᠲᠡ ᠲᠤᠷᠰᠢᠨ ᠠᠵᠢᠯᠯᠠᠭᠤᠯᠬᠤ ᠠᠵᠢᠯ ᠢ ᠥᠷᠨᠢᠭᠦᠯᠪᠡ᠃ ᠡᠭᠦᠨ ᠤ ᠬᠠᠮᠲᠤ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠠᠯᠠᠪᠠᠢ ᠶᠢ 6 ᠰᠢᠨ᠎ᠡ ᠪᠠᠷ ᠪᠠᠶᠢᠭᠤᠯᠵᠤ᠂ ᠬᠥᠮᠥᠷᠭᠡ ᠶᠢᠨ ᠪᠠᠭᠲᠠᠭᠠᠮᠵᠢ ᠶᠢ 150 ᠲᠦᠮᠡᠨ ᠲᠣᠨ ᠳᠤ ᠬᠦᠷᠭᠡᠬᠦ ᠪᠠᠷ ᠲᠥᠯᠥᠪᠯᠡᠵᠦ ᠪᠠᠶᠢᠨ᠎ᠠ᠃      ᠳᠥᠷᠪᠡ ᠳᠤ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠬᠦ ᠪᠠᠷ ᠲᠥᠯᠥᠪᠯᠡᠵᠦ᠂ ᠲᠣᠭᠤᠷᠢᠭ ᠤᠨ ᠭᠠᠵᠠᠷ ᠤᠨ ᠪᠠᠶᠢᠴᠠ ᠶᠢᠨ ᠵᠢᠷᠤᠭ ᠢ ᠬᠡᠮᠵᠢᠨ ᠵᠢᠷᠤᠬᠤ ᠠᠵᠢᠯ ᠢ ᠨᠢᠭᠡᠨᠲᠡ ᠪᠡᠶᠡᠯᠡᠭᠦᠯᠵᠦ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠭᠤᠣᠯ ᠵᠠᠮ ᠵᠢᠴᠢ ᠢᠵᠢ ᠪᠦᠷᠢᠳᠦᠭᠰᠡᠨ ᠬᠤᠭᠤᠯᠠᠢ ᠶᠢᠨ ᠲᠣᠣᠷ ᠤᠨ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ 7 ᠠᠵᠤ ᠠᠬᠤᠶᠢᠯᠠᠯ ᠲᠠᠢ ᠵᠣᠯᠭᠠᠭᠤᠯᠵᠤ᠂ ᠲᠣᠭᠤᠷᠢᠭ ᠲᠤ ᠣᠷᠣᠭᠤᠯᠬᠤ ᠪᠦᠲᠦᠭᠡᠨ ᠪᠠᠶᠢᠭᠤᠯᠤᠯᠲᠠ ᠶᠢᠨ ᠲᠥᠰᠥᠯ ᠢ ᠪᠡᠶᠡᠯᠡᠭᠦᠯᠪᠡ᠃ ᠣᠳᠣᠬᠠᠨ ᠳᠤ᠂ ᠠᠵᠤ ᠠᠬᠤᠶᠢᠯᠠᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ ᠲᠥᠷᠥᠯ ᠵᠦᠢᠯ ᠢ ᠳᠠᠩᠰᠠᠯᠠᠬᠤ᠂ ᠪᠣᠯᠣᠮᠵᠢᠲᠤ ᠰᠣᠳᠣᠯᠭᠠᠨ᠂ ᠡᠨᠧᠷᠭᠢ ᠠᠷᠪᠢᠯᠠᠬᠤ᠂ ᠭᠠᠵᠠᠷ ᠬᠡᠷᠡᠭᠯᠡᠬᠦ᠂ ᠣᠷᠴᠢᠨ ᠠᠬᠤᠢ ᠶᠢᠨ ᠨᠥᠯᠥᠭᠡᠯᠡᠯ ᠤᠨ ᠦᠨᠡᠯᠡᠯᠲᠡ᠂ ᠤᠰᠤᠨ ᠤ ᠬᠠᠮᠠᠭᠠᠯᠠᠯᠲᠠ᠂ ᠲᠡᠦᠬᠡ ᠶᠢᠨ ᠳᠤᠷᠠᠰᠬᠠᠯᠲᠤ ᠵᠦᠢᠯ ᠵᠢᠴᠢ ᠲᠣᠭᠲᠠᠭᠤᠨ ᠪᠠᠶᠢᠳᠠᠯ ᠢ ᠦᠨᠡᠯᠡᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠠᠵᠢᠯ ᠢ ᠥᠷᠨᠢᠭᠦᠯᠵᠦ᠂ 4 ᠰᠠᠷ᠎ᠠ ᠳᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠪᠡᠶᠡᠯᠡᠭᠦᠯᠬᠦ ᠪᠠᠷ ᠴᠢᠷᠮᠠᠶᠢᠵᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠳᠦᠭᠦᠯᠬᠦ ᠪᠠᠷ ᠴᠢᠷᠮᠠᠶᠢᠵᠤ ᠪᠠᠶᠢᠨ᠎ᠠ᠃ ᠪᠠᠷᠠᠭᠠᠨ ᠤ ᠭᠦᠢᠯᠭᠡᠭᠡᠨ ᠤ ᠲᠣᠭᠤᠷᠢᠭ ᠢ ᠪᠠᠶᠢᠭᠤᠯᠤᠭᠰᠠᠨ ᠤ ᠳᠠᠷᠠᠭ᠎ᠠ ᠪᠣᠭᠤᠮᠲᠠ ᠶᠢᠨ ︽ᠲᠥᠪᠯᠡᠷᠡᠭᠦᠯᠬᠦ ᠲᠠᠷᠬᠠᠭᠠᠬᠤ ᠲᠡᠭᠡᠭᠡᠪᠦᠷᠢᠯᠡᠬᠦ︾ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号