ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ | ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ | ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠰᠤᠷᠪᠤᠯᠵᠢᠯᠠᠬᠴᠢᠳ ᠤᠨ ᠬᠤᠷᠠᠯ ᠬᠢᠵᠦ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ ᠴᠤᠤ ᠶᠢᠨ | ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ | ᠰᠤᠷᠪᠤᠯᠵᠢᠯᠠᠬᠴᠢᠳ ᠤᠨ ᠳᠤᠷᠠᠳᠤᠭᠰᠠᠨ ᠠᠰᠠᠭᠤᠯᠲᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ | ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ ᠴᠢᠩ᠂ ᠯᠢᠦ ᠭᠦᠸᠧ ᠵᠦᠩ ᠣᠷᠣᠯᠴᠠᠵᠠᠢ᠃ | | ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ᠂ ᠥᠨᠥᠳᠥᠷ ᠵᠠᠭᠤᠴᠢᠯᠠᠭᠤᠷ ᠤᠨ ᠨᠠᠶᠢᠵᠠ | ᠨᠠᠷ ᠲᠠᠢ ᠠᠳᠡ ᠠᠭᠤᠯᠵᠠᠵᠤ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠩ ᠲᠡᠷᠢᠭᠦᠨ ᠳᠤ | ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ ᠮᠡᠳᠡᠭᠡᠯᠡᠬᠦ ᠶᠢᠨ ᠲᠥᠯᠥᠭᠡ ᠭᠠᠷᠭᠠᠭᠰᠠᠨ ᠶᠠᠳᠠᠷᠠᠯ | ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ᠃ ᠯᠢ ᠴᠢᠶᠠᠩ᠂ ᠪᠢᠳᠡ ᠨᠠᠮ ᠪᠣᠯᠣᠨ ᠠᠷᠠᠳ ᠲᠦᠮᠡᠨ ᠤ ᠢᠲᠡᠭᠡᠯ ᠳᠤ | ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ | ᠭᠡᠷᠡᠯᠲᠡᠢ ᠭᠡᠳᠡᠭ ᠢ ᠴᠦ ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠠᠷᠠᠳ ᠲᠦᠮᠡᠨ | ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠶᠢᠵᠤ ᠵᠢᠳᠬᠦᠯ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠠ ︽ | ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ | ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠣᠮᠤᠭ ᠵᠣᠷᠢᠭ | ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠦᠨᠡᠨ | ᠰᠡᠳᠬᠢᠯ ᠠᠴᠠ ᠪᠠᠨ ᠮᠡᠷᠡᠶᠢᠨ ᠵᠢᠳᠬᠦᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ ᠶᠤᠮ ᠭᠡᠵᠦ ᠢᠯᠡᠳᠬᠡᠪᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ᠄ ᠡᠩ ᠲᠡᠷᠢᠭᠦᠨ ᠳᠤ ᠲᠠ ᠪᠣᠯᠣᠨ | ᠳᠥᠷᠪᠡᠨ ᠳᠡᠳ᠋ ᠶᠡᠷᠦᠩᠬᠡᠢ ᠰᠠᠶᠢᠳ ᠤᠨ ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠰᠢᠨ᠎ᠡ | ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ ᠪᠤᠯᠬᠤ ᠢᠷᠡᠭᠡᠳᠦᠢ ᠶᠢᠨ ᠲᠠᠪᠤᠨ ᠵᠢᠯ ᠨᠢ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠤᠯᠤᠰ ᠲᠤ ᠠᠪᠴᠤ ᠬᠡᠯᠡᠪᠡᠯ | ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ ᠨᠢᠭᠡ | ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠲᠤᠶᠢᠯ ᠢᠶᠠᠷ ᠠᠩᠬᠠᠷᠴᠤ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ︖ ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ | ᠪᠤᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖ | ᠯᠢ ᠴᠢᠶᠠᠩ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ | ᠵᠠᠰᠠᠭ ᠤᠨ ᠣᠷᠳᠣᠨ ᠤ ᠠᠵᠢᠯ ᠢ ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ | ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ | ᠤᠯᠤᠰ ᠤᠨ ᠬᠤᠶᠢᠰᠢᠳᠠ ᠶᠢᠨ ᠲᠠᠪᠤᠨ ᠵᠢᠯ ᠪᠠ ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠂ ᠤᠯᠠᠨ ᠢᠶᠠᠷ ᠢᠶᠠᠨ ᠨᠡᠯᠢᠶᠡᠳ ᠰᠡᠳᠬᠢᠯ ᠲᠠᠯᠪᠢᠵᠤ ᠪᠠᠶᠢᠭ᠎ᠠ | ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠲᠣᠳᠣᠷᠬᠠᠢ | ᠬᠠᠷᠢᠭᠤᠯᠲᠠ ᠣᠯᠵᠤ ᠴᠢᠳᠠᠬᠤ ᠶᠤᠮ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ | ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠰᠥᠪ ᠢ ᠪᠠᠷᠢᠯᠭ᠎ᠠ ᠶᠢᠨ ᠵᠢᠷᠤᠭ | ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠯᠠᠪᠳᠠᠭᠤᠨ ᠪᠠᠲᠤᠲᠠᠢ ᠪᠠᠷ | ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ᠄ | ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ | ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ | ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ ︽ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ︾ ᠭᠡᠵᠦ ᠬᠡᠯᠡᠵᠦ ᠥᠩᠭᠡᠷᠡᠪᠡ᠃ | ᠪᠢᠳᠡ ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ︽ᠠᠷᠠᠳ ᠲᠦᠮᠡᠨ︾ ᠭᠡᠳᠡᠭ ᠦᠭᠡ ᠶᠢ | ᠢᠮᠠᠭᠲᠠ ᠪᠠᠲᠤ ᠴᠡᠭᠡᠵᠢᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠢ ᠯᠠᠪᠳᠠᠭᠤᠨ ᠪᠠᠲᠤᠲᠠᠢ | ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ ᠲᠣᠭᠠᠨ ᠤ ᠠᠷᠠᠳ ᠲᠦᠮᠡᠨ GDP ᠶᠢᠨ ᠨᠡᠮᠡᠭᠳᠡᠯ | ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ ᠤᠯᠠᠨ ᠢᠶᠠᠷ ᠢᠶᠠᠨ ᠣᠷᠣᠨ ᠰᠠᠭᠤᠴᠠ᠂ ᠠᠵᠢᠯ | ᠣᠯᠭᠤᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ ᠣᠷᠴᠢᠨ ᠲᠣᠭᠤᠷᠢᠨ ᠵᠡᠷᠭᠡ | ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ ᠠᠩᠬᠠᠷᠴᠤ ᠪᠠᠶᠢᠳᠠᠭ᠃ ᠵᠠᠰᠠᠭ ᠤᠨ ᠣᠷᠳᠣᠨ ᠤ ᠠᠵᠢᠯ ᠪᠣᠯ ᠠᠷᠠᠳ ᠣᠯᠠᠨ ᠤ | ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠭᠡ ᠬᠢᠵᠦ ᠠᠬᠢᠭᠤᠯᠵᠤ᠂ ᠠᠷᠠᠳ ᠲᠦᠮᠡᠨ ᠬᠦᠰᠡᠯ | ᠡᠷᠡᠮᠡᠯᠵᠡᠯ ᠲᠠᠢ ᠪᠠᠶᠢᠪᠠᠯ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ | ᠪᠣᠯᠣᠨ᠎ᠠ᠃ | ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ | ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ | ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ | ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠮᠠᠨ ᠤ | ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠠᠵᠤ | ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ | ᠲᠡᠩᠴᠡᠭᠦᠷᠢ ᠦᠭᠡᠢ᠂ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ ᠭᠦᠢᠴᠡᠳᠬᠡᠯ ᠲᠤᠭ᠎ᠠ ᠶᠢ 14 | ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ ᠬᠥᠮᠥᠨ ᠳᠤᠮᠳᠠᠴᠢ ᠶᠢᠨ ᠬᠢᠷᠢ | ᠬᠡᠮᠵᠢᠶ᠎ᠡ ᠨᠢ ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ᠂ ᠮᠠᠨ ᠤ ᠬᠥᠭᠵᠢᠯᠲᠡ ᠶᠢᠨ ᠣᠯᠠᠩᠬᠢ ᠨᠢ ᠵᠥᠪᠭᠡᠨ ︽ | ᠪᠠᠶᠢᠬᠤ ᠡᠰᠡᠬᠦ︾ ᠠᠰᠠᠭᠤᠳᠠᠯ ᠢ ᠯᠠ ᠰᠢᠢᠳᠪᠦᠷᠢᠯᠡᠵᠦ ᠪᠠᠶᠢᠨ᠎ᠠ᠂ ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ | ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ᠂ ᠢᠯᠠᠩᠭᠤᠶ᠎ᠠ ᠰᠢᠨᠵᠢᠯᠡᠬᠦ ᠤᠬᠠᠭᠠᠨ ᠲᠸᠭᠨᠢᠭ | ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮ ᠢ ᠪᠠᠶᠢᠭᠤᠯᠬᠤ᠂ ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ ᠶᠡᠷᠦᠩᠬᠡᠢ ᠳᠤᠨᠢ ᠠᠪᠴᠤ ᠬᠡᠯᠡᠪᠡᠯ᠂ ᠪᠢᠳᠡ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ | ᠬᠡᠷᠡᠭᠲᠡᠢ᠃ | ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ | ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ | ᠵᠠᠩᠭᠢᠯᠠᠭ᠎ᠠ ᠶᠢᠨ ᠠᠷᠭ᠎ᠠ ᠪᠣᠯᠣᠨ᠎ᠠ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ ᠴᠤ︽ | ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ | ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ | ᠬᠡᠷᠡᠭᠲᠡᠢ᠃ | ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠬᠴᠢ᠄ | ᠡᠨᠡ ᠵᠢᠯ ᠪᠣᠯ ᠳᠤᠮᠳᠠᠳᠤ ᠤᠯᠤᠰ ᠤᠨ ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ ᠥᠩᠭᠡᠷᠡᠭᠰᠡᠨ ᠤ ᠳᠠᠷᠠᠭᠠᠬᠢ | ᠲᠦᠷᠦᠭᠦᠦ ᠵᠢᠯ ᠪᠣᠯᠣᠨ᠎ᠠ᠂ ᠮᠠᠰᠢ ᠤᠯᠠᠨ ᠬᠥᠮᠥᠰ ᠤᠨ ᠵᠢᠱᠢᠭᠰᠡᠨ ᠢᠶᠠᠷ ᠪᠣᠯ ᠠᠵᠤ ᠠᠬᠤᠢ ᠣᠬᠤᠷᠬᠠᠨ ᠬᠤᠭᠤᠴᠠᠭᠠᠨ ᠳᠤ | ᠲᠠᠭᠢᠨ ᠨᠡᠮᠡᠭᠳᠡᠬᠦ ᠪᠣᠯᠣᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠠᠪᠴᠤ ᠪᠦᠭᠦ ᠵᠢᠯ ᠤᠨ ᠠᠵᠤ ᠠᠬᠤᠢ ᠶᠢᠨ | ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ | ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ | ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ ᠶᠠᠮᠠᠷ ᠲᠦᠷᠦ ᠶᠢᠨ ᠪᠣᠳᠣᠯᠭ᠎ᠠ ᠠᠪᠴᠤ ᠦᠷᠭᠦᠯᠵᠢᠯᠡᠬᠦ᠂ ᠴᠢᠨᠠᠷ | ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ ᠪᠠᠶᠢᠬᠤ ᠪᠤᠢ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ ᠤᠯᠤᠰ ᠤᠨ | ᠥᠷᠢ ᠥᠭᠴᠡᠭᠡ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ | ᠠᠷᠭᠠᠴᠠᠭᠠᠬᠤ ᠲᠠᠯ᠎ᠠ ᠪᠠᠷ ᠬᠢ ᠲᠥᠷᠥ ᠶᠢᠨ ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ︖ | ᠯᠢ ᠴᠢᠶᠠᠩ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ᠂ ᠮᠢᠨᠤ | ᠲᠡᠮᠳᠡᠭᠯᠡᠭᠰᠡᠨ ᠢᠶᠠᠷ ᠲᠠ ᠨᠢᠭᠡ ᠯᠡ ᠠᠮᠢᠰᠬᠤᠭ᠎ᠠ ᠪᠠᠷ 4 ᠠᠰᠠᠭᠤᠳᠠᠯ ᠳᠤᠷᠠᠳᠴᠤ᠂ 6 ᠲᠠᠯ᠎ᠠ ᠶᠢᠨ ᠠᠭᠤᠯᠭ᠎ᠠ ᠳᠤ | ᠬᠤᠯᠪᠣᠭᠳᠠᠵᠠᠢ᠃ ᠴᠠᠭ ᠤᠨ ᠬᠠᠷᠠᠭ᠎ᠠ ᠠᠴᠠ ᠪᠣᠯᠵᠤ ᠪᠢ ᠵᠥᠪᠭᠡᠨ ᠭᠤᠣᠯᠳᠠᠯᠭ᠎ᠠ ᠶᠢ ᠨᠢ ᠰᠣᠩᠭᠤᠵᠤ ᠬᠠᠷᠢᠭᠤᠯᠲᠠ | ᠦᠭᠭᠦᠶ᠎ᠠ᠃ | ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ᠂ ᠲᠣᠭᠲᠠᠭᠤᠨ | ᠪᠤᠰᠤ᠂ ᠲᠣᠬᠲᠠᠯᠭᠠᠳᠤ ᠪᠤᠰᠤ᠂ ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ᠂ ᠨᠡᠮᠡᠭᠳᠡᠯ ᠢ ᠬᠡᠷᠬᠢᠨ | ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ ᠬᠡᠯᠡᠪᠡᠯ ᠴᠥᠮ ᠨᠢᠭᠡᠨ ᠰᠢᠯᠭᠠᠯᠲᠠ ᠪᠤᠯᠬᠤ ᠶᠤᠮ᠃ | ᠡᠨᠡ ᠵᠢᠯ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ ᠬᠠᠷᠠᠯᠲᠠ ᠶᠢ 5 % ᠣᠷᠴᠢᠮ ᠢᠶᠠᠷ | ᠲᠣᠭᠲᠠᠭᠠᠪᠠ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ | ᠲᠣᠭᠲᠠᠭᠠᠭᠰᠠᠨ ᠶᠤᠮ᠃ ᠬᠡᠯᠡᠯᠭᠡᠨ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ | 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ ᠲᠤᠭ᠎ᠠ ᠨᠢ ᠮᠠᠰᠢ ᠥᠨᠳᠥᠷ ᠪᠣᠯᠵᠠᠢ᠂ ᠡᠭᠦᠨ ᠤ ᠳᠡᠭᠡᠷ᠎ᠡ | ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠶᠢᠨ᠎ᠠ᠂ 5 % ᠣᠷᠴᠢᠮ ᠤᠨ ᠨᠡᠮᠡᠭᠳᠡᠯ ᠢ ᠪᠡᠶᠡᠯᠡᠭᠦᠯᠬᠦ ᠳᠤ ᠲᠡᠶᠢᠮᠦ | ᠠᠮᠠᠷᠬᠠᠨ ᠪᠢᠰᠢ᠂ ᠬᠤᠪᠢ ᠲᠠᠭᠢᠨ ᠴᠢᠷᠮᠠᠶᠢᠬᠤ ᠴᠢᠬᠤᠯᠠᠲᠠᠢ ᠶᠤᠮ᠃ | ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ | ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ ᠪᠦᠭᠦ ᠲᠠᠯ᠎ᠠ ᠪᠠᠷ ᠪᠠᠶᠢᠷᠢᠯᠠᠭᠤᠯᠵᠠᠢ᠂ ᠡᠭᠦᠨ ᠳᠤ ᠲᠣᠭᠲᠠᠭᠤᠨ | ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠠᠵᠤ | ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠣᠨ᠎ᠠ᠃ | ᠲᠣᠭᠲᠠᠭᠤᠨ ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ ᠪᠠᠶᠢᠯᠭᠠᠬᠤ ᠶᠠᠪᠤᠳᠠᠯ ᠪᠤᠯᠤᠨ᠎ᠠ︔ ᠤᠷᠤᠭᠰᠢᠯᠠᠨ | ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠳᠤ ᠪᠠᠶᠢᠨ᠎ᠠ᠃ | ᠪᠣᠳᠠᠲᠠᠢ ᠪᠠᠷ ᠬᠡᠯᠡᠪᠡᠯ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ᠂ ᠥᠭᠡᠷ᠎ᠡ ᠪᠠᠷ ᠬᠡᠯᠡᠪᠡᠯ | ᠡᠶᠢᠮᠦ ᠬᠡᠳᠦᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠢᠨ᠎ᠡ᠄ ᠨᠢᠭᠡ ᠳᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ | ᠠᠷᠭ᠎ᠠ ᠬᠡᠮᠵᠢᠶ᠎ᠡ᠂ ᠬᠤᠶᠠᠷ ᠲᠤ᠂ ᠬᠡᠷᠡᠭᠴᠡᠭᠡ ᠶᠢ ᠥᠷᠭᠡᠳᠬᠡᠬᠦ ᠬᠠᠮ ᠠᠷᠭ᠎ᠠ ᠬᠡᠮᠵᠢᠶ᠎ᠡ᠂ ᠭᠤᠷᠪᠠ ᠳᠤ᠂ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ᠂ ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠮ | ᠠᠷᠭ᠎ᠠ ᠬᠡᠮᠵᠢᠶ᠎ᠡ ᠪᠣᠯᠣᠨ᠎ᠠ᠃ ᠡᠳᠡᠭᠡᠷ ᠬᠠᠮ ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ ᠪᠠᠶᠢᠵᠤ᠂ | ᠵᠠᠷᠢᠮ ᠢ ᠨᠢ ᠪᠠᠰᠠ ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ ᠠᠰᠠᠭᠤᠳᠠᠯ ᠢ | ᠠᠰᠠᠭᠤᠵᠠᠢ᠃ ᠳᠤᠮᠳᠠᠳᠤ ᠤᠯᠤᠰ ᠤᠨ ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ᠂ | ᠵᠢᠱᠢᠶᠡᠯᠡᠪᠡᠯ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ᠂ ᠠᠵᠤ ᠦᠢᠯᠡᠰ ᠤᠨ ᠰᠢᠰᠲ᠋ᠧᠮ ᠪᠦᠷᠢᠨ ᠲᠡᠭᠦᠯᠳᠡᠷ᠂ | ᠬᠥᠮᠥᠨ ᠤ ᠬᠦᠴᠦᠨ ᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ ᠪᠤᠢ᠂ ᠨᠡᠩ ᠴᠢᠬᠤᠯᠠ ᠨᠢ | ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ | ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ᠂ ᠡᠨᠡ ᠵᠢᠯ ᠴᠦ ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ | ᠲᠤᠯᠭᠠᠷᠠᠬᠤ ᠶᠤᠮ᠂ ᠭᠡᠪᠡᠴᠦ ᠠᠯᠢ ᠴᠠᠭ ᠦᠶ᠎ᠡ᠂ ᠠᠯᠢ ᠵᠢᠯ ᠳᠤᠨᠢ ᠬᠦᠴᠢᠷ ᠪᠡᠷᠬᠡᠰᠢᠶᠡᠯ ᠦᠭᠡᠢ ᠪᠤᠢ︖ ᠪᠢᠳᠠ | ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠦᠭᠡᠢ | ᠪᠡᠶᠡᠯᠡᠭᠦᠯᠵᠦ ᠢᠷᠡᠭᠰᠡᠨ ᠶᠤᠮ᠃ ᠮᠠᠨ ᠤ ᠡᠨᠡ ᠦᠶ᠎ᠡ ᠶᠢᠨ ᠳᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ | ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ᠂ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ᠂ ᠵᠢᠩ | ᠸᠧᠢ ᠳᠠᠯᠠᠢ ᠶᠢ ᠪᠥᠭᠯᠡᠭᠰᠡᠨ᠂ ᠲᠡᠨᠡᠭ ᠡᠪᠦᠭᠡᠨ ᠨᠠᠷᠠ ᠶᠢ ᠬᠥᠭᠡᠭᠡᠭᠰᠡᠨ ᠵᠡᠷᠭᠡ ᠪᠣᠯᠣᠨ᠎ᠠ᠂ ᠪᠦᠷ ᠯᠡ ᠮᠠᠰᠢ ᠶᠡᠭᠡ | ᠤᠷᠮᠠᠰᠢᠭᠤᠯᠤᠨ ᠵᠣᠷᠢᠭᠵᠢᠭᠤᠯᠵᠤ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ | ᠠᠶᠤᠬᠤ ᠦᠭᠡᠢ᠂ ᠵᠣᠷᠢᠭᠲᠠᠢ ᠲᠡᠮᠡᠴᠡᠵᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ | ᠶᠤᠮ᠂ ᠮᠠᠨ ᠤ ᠳᠤᠮᠳᠠᠳᠤᠴᠤᠳ ᠶᠠᠮᠠᠷ ᠴᠤ ᠬᠦᠴᠢᠷ ᠪᠡᠷᠬᠡᠰᠢᠶᠡᠯ ᠳᠤ ᠳᠠᠷᠤᠭᠳᠠᠬᠤ ᠦᠭᠡᠢ ᠶᠤᠮ᠃ | ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠠᠵᠤ ᠠᠬᠤᠢ ᠶᠢᠨ | ᠠᠵᠢᠯᠯᠠᠭᠠᠨ ᠳᠤ ᠲᠣᠭᠲᠠᠪᠤᠷᠢᠵᠢᠨ ᠳᠡᠭᠡᠭᠰᠢᠯᠡᠬᠦ ᠪᠠᠶᠢᠳᠠᠯ ᠭᠠᠷᠴᠤ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ | ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢᠨ ᠲᠤᠬᠠᠢ ᠵᠢᠱᠢᠯᠲᠡ ᠪᠠᠨ | ᠳᠡᠭᠡᠭᠰᠢᠯᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠢᠷᠡᠭᠡᠳᠦᠢ ᠶᠢᠨ ᠲᠤᠬᠠᠢ ᠪᠢ ︽ᠰᠠᠯᠬᠢᠨ | ᠬᠦᠯᠦᠭᠯᠡᠨ ᠳᠠᠪᠠᠯᠭᠠᠨ ᠢ ᠵᠦᠰᠦᠵᠦ᠂ ᠰᠠᠷᠠᠭᠤᠯ ᠢᠷᠡᠭᠡᠳᠦᠢ ᠲᠠᠢ︾ ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ᠃ | ᠡᠭᠦᠨ ᠳᠤ ᠪᠢ ᠢᠲᠡᠭᠡᠯ ᠳᠦᠭᠦᠷᠡᠩ ᠪᠠᠶᠢᠨ᠎ᠠ᠃ | ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ᠄ ᠡᠨᠡ | ᠬᠡᠳᠦᠨ ᠵᠢᠯ᠂ ᠰᠢᠶᠠᠩᠭᠠᠩ ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ ᠪᠡᠶᠡᠯᠡᠭᠦᠯᠪᠡ᠃ | ᠰᠢᠶᠠᠩᠭᠠᠩ ᠲᠣᠭᠲᠠᠭᠤᠨ ᠪᠣᠯᠣᠯ᠎ᠠ᠂ ᠬᠥᠭᠵᠢᠯᠲᠡ ᠶᠢᠨ ᠠᠰᠠᠭᠤᠳᠠᠯ ᠪᠠᠰᠠ ᠨᠢᠳᠦᠨ ᠡᠮᠦᠨ᠎ᠡ ᠳᠡᠯᠭᠡᠭᠳᠡᠯ᠎ᠡ᠃ ᠳᠡᠯᠡᠬᠡᠢ ᠶᠢᠨ | ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ ᠨᠥᠬᠦᠴᠡᠯ ᠤᠨ ᠬᠤᠪᠢᠷᠠᠯᠲᠠ ᠶᠢ ᠳᠠᠭᠠᠯᠳᠤᠨ ᠤᠳᠦ ᠶᠢᠨ | ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ ᠪᠠᠶᠢᠨ᠎ᠠ᠃ ᠲᠡᠭᠡᠪᠡᠯ᠂ | ᠲᠠ ᠰᠢᠶᠠᠩᠭᠠᠩ ᠣᠣᠮᠧᠨ ᠤ ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ︖ | ᠲᠥᠪ ᠤᠨ ᠵᠠᠰᠠᠭ ᠤᠨ ᠣᠷᠳᠣᠨ ᠲᠠᠷᠠᠭᠠᠴᠢ ᠶᠢᠨ ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ | ᠣᠣᠮᠧᠨ ᠤ ᠥᠪᠡᠷ ᠤᠨ ᠳᠠᠪᠠᠭᠤᠯᠢᠭ ᠪᠣᠯᠣᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ᠂ ᠨᠠᠩ ᠰᠠᠶᠢᠨ ᠬᠥᠭᠵᠢᠯᠲᠡ ᠶᠢ | ᠪᠡᠶᠡᠯᠡᠭᠦᠯᠬᠦ ᠪᠤᠶ︖ | ᠯᠢ ᠴᠢᠶᠠᠩ᠄ ᠲᠥᠪ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ | ᠪᠠᠳᠠᠷᠠᠭᠤᠯᠬᠤ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠡᠬᠡ ᠤᠯᠤᠰ ᠲᠠᠭᠠᠨ ᠪᠤᠴᠠᠵᠤ | ᠢᠷᠡᠭᠰᠡᠨ ᠠᠴᠠ ᠨᠠᠭᠠᠰᠢ᠂ ᠤᠯᠤᠰ ᠤᠨ ᠳᠡᠮᠵᠢᠯᠭᠡ ᠳᠣᠣᠷ᠎ᠠ᠂ ᠰᠢᠶᠠᠩᠭᠠᠩ ᠤᠨ ᠤᠯᠠᠨ ᠤᠯᠤᠰ ᠤᠨ ᠮᠥᠩᠭᠦᠨ ᠭᠦᠢᠯᠭᠡᠭᠡ᠂ | ᠤᠰᠤᠨ ᠵᠠᠮ ᠤᠨ ᠲᠡᠭᠡᠭᠡᠪᠦᠷᠢ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ ᠰᠠᠭᠤᠷᠢ ᠨᠢ ᠪᠠᠬᠢᠵᠢᠨ | ᠳᠡᠭᠡᠭᠰᠢᠯᠡᠵᠦ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ | ᠠᠯᠳᠠᠷᠰᠢᠭᠰᠠᠨ ᠶᠤᠮ᠃ | ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ᠂ | ᠣᠣᠮᠧᠨ ᠤ ᠠᠵᠤ ᠠᠬᠤᠢ ᠶᠢᠨ ᠬᠥᠭᠵᠢᠯᠲᠡ ᠡᠳᠦᠢ ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ ᠲᠦᠷ | ᠴᠠᠭ ᠤᠨ ᠬᠦᠴᠢᠷᠳᠡᠯ᠂ ᠬᠥᠭᠵᠢᠯᠲᠡ ᠶᠢᠨ ᠳᠤᠮᠳᠠᠬᠢ ᠬᠦᠴᠢᠷᠳᠡᠯ ᠮᠥᠨ᠃ ᠲᠥᠪ ᠤᠨ ᠵᠠᠰᠠᠭ ᠤᠨ ᠣᠷᠳᠣᠨ ︽ᠨᠢᠭᠡ | ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ | ᠭᠤᠶᠢᠪᠢᠰᠢ ᠦᠭᠡᠢ ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ | ᠠᠭᠤᠰᠤᠯᠴᠠᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ | ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ᠂ ᠣᠣᠮᠧᠨ ᠤ ᠳᠡᠯᠡᠬᠡᠢ | ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ ᠳᠡᠮᠵᠢᠨ᠎ᠡ᠃ ᠡᠬᠡ ᠤᠯᠤᠰ ᠤᠨ | ᠪᠠᠲᠤ ᠴᠢᠩᠭ᠎ᠠ ᠥᠮᠥᠭ ᠲᠦᠰᠢᠭ ᠲᠠᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠᠶᠢᠭᠤᠯᠤᠯ ᠤᠨ | ᠪᠠᠲᠤᠯᠠᠭ᠎ᠠ ᠲᠠᠢ ᠠᠴᠠ ᠰᠢᠶᠠᠩᠭᠠᠩ᠂ ᠣᠣᠮᠧᠨ ᠤ ᠪᠠᠶᠢᠷᠢ ᠰᠠᠭᠤᠷᠢ ᠪᠠ ᠦᠢᠯᠡᠳᠦᠯ ᠴᠢᠩᠭᠠᠷᠠᠬᠤ ᠠᠴᠠ ᠪᠢᠰᠢ ᠰᠤᠯᠠᠷᠠᠬᠤ | ᠦᠭᠡᠢ ᠶᠤᠮ᠃ ᠰᠢᠶᠠᠩᠭᠠᠩ᠂ ᠣᠣᠮᠧᠨ ᠤ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠤᠯᠬᠤ ᠶᠤᠮ︕ | ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ᠄ ᠲᠠ ᠥᠩᠭᠡᠷᠡᠭᠰᠡᠨ ᠳᠤ ᠸᠧᠨᠵᠸᠤ | ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ᠂ ᠸᠧᠨᠵᠸᠤ ᠬᠤᠳᠠ ᠵᠢᠴᠢ ᠲᠠᠨ ᠤ ᠲᠤᠰᠢᠶᠠᠯ ᠬᠠᠷᠢᠭᠤᠴᠠᠵᠤ | ᠪᠠᠶᠢᠭᠰᠠᠨ ᠵᠧᠵᠢᠶᠠᠩ᠂ ᠵᠢᠶᠠᠩᠰᠤ ᠵᠢᠴᠢ ᠱᠠᠩᠬᠠᠢ ᠨᠢ ᠪᠦᠷ ᠳᠤᠮᠳᠠᠳᠤ ᠤᠯᠤᠰ ᠤᠨ ᠠᠷᠠᠳ ᠤᠨ ᠡᠵᠡᠩᠨᠡᠯᠲᠡ ᠶᠢᠨ ᠠᠵᠤ | ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ᠂ ᠲᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠤᠬᠠᠢ ᠮᠠᠰᠢ | ᠭᠦᠨᠵᠡᠭᠡᠢ ᠣᠶᠢᠯᠠᠭᠠᠯᠲᠠ ᠲᠠᠢ ᠪᠠᠶᠢᠳᠠᠭ᠃ ᠲᠠᠨ ᠤ ᠦᠵᠡᠬᠦ ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ︖ ᠪᠠᠰᠠ ᠠᠯᠢ ᠠᠯᠢ ᠲᠠᠯ᠎ᠠ ᠪᠠᠷ ᠬᠢᠭᠰᠡᠨ ᠨᠢ ᠭᠦᠢᠴᠡᠳ ᠦᠭᠡᠢ ᠪᠤᠢ | ᠂ ᠨᠥᠬᠦᠪᠦᠷᠢᠯᠡᠬᠦ ᠴᠢᠬᠤᠯᠠ ᠲᠠᠢ ᠪᠤᠢ︖ | ᠯᠢ ᠴᠢᠶᠠᠩ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ | ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ᠂ ᠴᠢᠨᠠᠷ ᠰᠠᠶᠢᠲᠠᠢ ᠭᠦᠭᠵᠢᠭᠦ ᠲᠤᠬᠠᠢ ᠭᠦᠨᠵᠡᠭᠡᠢ | ᠲᠣᠳᠣᠷᠬᠠᠶᠢᠯᠠᠨ ᠥᠭᠦᠯᠡᠵᠦ᠂ ᠬᠠᠯᠠᠭᠤᠨ ᠲᠤᠰᠬᠠᠯ ᠭᠠᠷᠪᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯᠲᠠᠨ ᠲᠤᠶᠢᠯ ᠢᠶᠠᠷ ᠤᠷᠮᠠᠰᠢᠨ ᠵᠣᠷᠢᠭᠵᠢᠵᠤ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷ ᠯᠠᠪ ᠣᠯᠵᠤ | ᠠᠩᠬᠠᠷᠤᠭᠰᠠᠨ ᠪᠠᠶᠢᠬᠤ ᠠ᠋᠃ | ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ | ᠬᠤᠭᠤᠴᠠᠭ᠎ᠠ ᠪᠠᠷ ᠠᠵᠢᠯᠯᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ | ᠲᠣᠭᠢᠶᠠᠯ ᠦᠷᠭᠦᠯᠵᠢ ᠭᠠᠷᠳᠠᠭ᠂ ᠲᠡᠳᠡᠨ ᠤ ᠬᠥᠭᠵᠢᠯᠲᠡ ᠶᠢᠨ ᠶᠠᠪᠤᠴᠠ ᠳᠠᠬᠢ ᠬᠦᠰᠡᠯ ᠡᠷᠡᠮᠡᠯᠵᠡᠯ ᠪᠣᠯᠣᠨ ᠡᠷᠡᠭᠡᠯᠵᠡᠯ ᠢ | ᠨᠡᠯᠢᠶᠡᠳ ᠣᠶᠢᠯᠠᠭᠠᠯ᠎ᠠ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ ᠤᠳᠬ᠎ᠠ ᠰᠠᠨᠠᠭ᠎ᠠ ᠶᠢ ᠢᠯᠡᠳᠬᠡᠶ᠎ᠡ᠄ | ᠨᠢᠭᠡᠳᠦᠭᠡᠷ ᠲᠤ᠂ ︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ ᠪᠣᠯ ᠮᠠᠨ ᠤ ᠤᠯᠤᠰ ᠤᠨ ᠠᠵᠤ ᠠᠬᠤᠢ ᠶᠢᠨ | ᠦᠨᠳᠦᠰᠦᠨ ᠪᠠᠶᠢᠭᠤᠯᠤᠯ ᠤᠨ ᠴᠢᠬᠤᠯᠠ ᠠᠭᠤᠯᠭ᠎ᠠ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ | ᠥᠩᠭᠡᠷᠡᠭᠰᠡᠨ ᠳᠤ ᠬᠤᠪᠢᠷᠠᠭᠰᠠᠨ ᠦᠭᠡᠢ᠂ ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ᠃ ᠦᠨᠡᠬᠡᠷ᠂ ᠨᠢᠳᠤᠨᠤᠨ | ᠨᠢᠭᠡ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ᠂ ᠵᠠᠷᠢᠮ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ᠃ ᠦᠨᠡᠨ ᠳᠡᠭᠡᠨ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢ ᠬᠥᠭᠵᠢᠭᠦᠯᠬᠦ ᠠᠰᠠᠭᠤᠳᠠᠯ ᠳᠡᠭᠡᠷ᠎ᠡ᠂ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ | ᠶᠡᠷᠦ ᠨᠢ ᠮᠠᠰᠢ ᠲᠣᠳᠣᠷᠬᠠᠢ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠪᠣᠯᠣᠨ | ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠥᠮ ᠴᠢᠬᠤᠯᠠᠴᠢᠯᠠᠭᠰᠠᠨ ᠪᠠᠶᠢᠨ᠎ᠠ᠃ ᠡᠭᠦᠨ ᠳᠤ | ᠪᠢᠳᠡ ᠲᠤᠭ ᠲᠡᠮᠳᠡᠭ ᠲᠣᠳᠣᠷᠬᠠᠢ᠂ ᠡᠷᠡᠰ ᠭᠤᠶᠢᠪᠢᠰᠢ ᠦᠭᠡᠢ ᠶᠤᠮ᠃ | ᠬᠤᠶᠠᠳᠤᠭᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ | ᠤᠯᠠᠮ ᠠᠴᠠ ᠤᠯᠠᠮ ᠰᠠᠶᠢᠵᠢᠷᠠᠵᠤ᠂ ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ ᠪᠣᠯᠣᠨ᠎ᠠ᠃ ᠪᠢᠳᠡ | ᠰᠢᠨ᠎ᠡ ᠭᠠᠷᠤᠭ᠎ᠠ ᠠᠴᠠ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠶᠡᠭᠡ ᠪᠠᠷ ᠪᠤᠢ ᠪᠤᠯᠭᠠᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ ᠲᠡᠭᠰᠢ ᠪᠠᠷ | ᠬᠠᠨᠳᠤᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ | ᠶᠣᠰᠣᠭᠠᠷ ᠬᠠᠮᠠᠭᠠᠯᠠᠵᠤ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ | ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠨ᠎ᠠ᠃ | ᠬᠥᠭᠵᠢᠯᠲᠡ ᠶᠢᠨ ᠣᠷᠣᠨ ᠵᠠᠢ ᠠᠴᠠ ᠦᠵᠡᠪᠡᠯ᠂ ᠳᠤᠮᠳᠠᠳᠤ ᠤᠯᠤᠰ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠬᠡᠷᠡᠭᠴᠡᠭᠡ ᠲᠠᠢ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ ᠪᠠᠶᠢᠵᠤ᠂ | ᠴᠥᠮ ᠯᠤᠲᠤ ᠶᠡᠭᠡ ᠬᠥᠭᠵᠢᠯᠲᠡ ᠶᠢᠨ ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ | ᠠᠬᠤᠢ ᠯᠠᠪᠲᠠᠢ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ᠃ | ᠭᠤᠷᠪᠠᠳᠤᠭᠠᠷ ᠲᠤ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ | ᠰᠢᠨ᠎ᠡ ᠦᠢᠯᠡᠰ ᠪᠣᠰᠬᠠᠭᠰᠠᠨ ᠲᠡᠦᠬᠡ ᠪᠠᠨ ᠪᠢᠴᠢᠭᠯᠡᠬᠦ ᠶᠢ ᠤᠷᠢᠶᠠᠯᠠᠵᠤ ᠪᠠᠶᠢᠨ᠎ᠠ᠃ ᠡᠨᠡ ᠨᠢ ᠪᠠᠰᠠ ᠮᠢᠨᠤ ᠭᠡᠯᠡᠭᠦ ᠭᠡᠰᠡᠨ | ᠨᠢᠭᠡ ᠵᠦᠢᠯ ᠮᠥᠨ᠃ ᠠᠵᠤ ᠠᠬᠤᠢ ᠶᠢᠨ ᠬᠥᠭᠵᠢᠯᠲᠡ ᠨᠢ ᠪᠤᠰᠤᠳᠴᠢ ᠵᠢᠮ᠎ᠡ ᠶᠣᠰᠣ ᠲᠠᠢ ᠪᠠᠶᠢᠳᠠᠭ ᠪᠥᠭᠡᠳ ᠪᠠᠰᠠ | ᠪᠤᠰᠤᠳᠴᠢ ᠨᠥᠬᠦᠴᠡᠯ ᠳᠤ ᠲᠦᠰᠢᠭᠯᠡᠳᠡᠭ᠂ ᠭᠡᠬᠦ ᠳᠤ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ ᠢ ᠨᠡᠩ ᠢᠯᠡᠭᠦᠦ | ᠱᠠᠭᠠᠷᠳᠠᠳᠠᠭ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ ᠠᠬᠤᠶᠢᠯᠠᠯᠲᠠᠨ ᠤ ᠵᠣᠷᠢᠭ | ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ ᠠᠶᠠᠨ ᠳᠠᠭᠠᠨ ᠲᠠᠭᠢᠨ ᠮᠣᠷᠳᠠᠬᠤ ᠶᠢ ᠬᠦᠰᠡᠵᠦ | ᠪᠠᠶᠢᠨ᠎ᠠ᠃ ᠠᠳᠡ ᠭᠦᠷᠲᠡᠯ᠎ᠡ ᠶᠠᠷᠢᠬᠤ ᠳᠤ ᠪᠢ ᠲᠤᠬᠠᠢ ᠶᠢᠨ ᠵᠢᠯ ᠳᠤ ᠵᠢᠶᠠᠩᠰᠤ ᠵᠧᠵᠢᠶᠠᠩ ᠵᠡᠷᠭᠡ ᠭᠠᠵᠠᠷ ᠤᠨ ᠬᠤᠪᠢ ᠶᠢᠨ | ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ᠂ ᠰᠢᠶᠠᠩ ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠦᠶ᠎ᠡ ᠳᠤ | ᠡᠭᠦᠳᠦᠭᠰᠡᠨ ︽ᠲᠦᠷᠪᠡᠨ ᠮᠢᠩᠭ᠎ᠠ︾ ᠶᠢᠨ ᠵᠣᠷᠢᠭ ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ᠂ ᠲᠡᠷᠡ ᠨᠢ | ᠳᠠᠷᠤᠢ᠄ ᠮᠢᠩᠭᠠᠨ ᠪᠡᠷᠬᠡ ᠲᠦᠮᠡᠨ ᠪᠠᠷᠳᠠᠭ᠎ᠠ ᠶᠢ ᠲᠤᠭᠤᠯᠵᠤ᠂ ᠲᠦᠮᠡ ᠮᠢᠩᠭᠠᠨ ᠦᠭᠡ ᠶᠠᠷᠢᠵᠤ᠂ ᠡᠯᠳᠡᠪ ᠠᠷᠭ᠎ᠠ | ᠪᠦᠭᠦᠨ ᠢ ᠰᠦᠪᠡᠭᠴᠢᠯᠡᠵᠦ᠂ ᠲᠣᠭᠠᠯᠠᠰᠢ ᠦᠭᠡᠢ ᠬᠦᠴᠢᠷ ᠪᠡᠷᠬᠡᠰᠢᠶᠡᠯ ᠢ ᠠᠮᠰᠠᠬᠤ ᠭᠡᠳᠡᠭ ᠢ ᠥᠪᠡᠷ ᠤᠨ ᠡᠷᠬᠡ ᠦᠭᠡᠢ | ᠪᠤᠳᠤᠵᠤ ᠣᠯᠵᠠᠢ᠃ ᠬᠡᠳᠦᠶᠢᠪᠡᠷ ᠤᠳᠤ ᠶᠢᠨ ᠦᠢᠯᠡᠰ ᠪᠣᠰᠬᠠᠬᠤ ᠵᠠᠭᠪᠤᠷ᠂ ᠭᠡᠯᠪᠡᠷᠢ ᠪᠠᠶᠢᠳᠠᠯ ᠳᠤ ᠮᠠᠰᠢ ᠶᠡᠭᠡ ᠬᠤᠪᠢᠷᠠᠯᠲᠠ | ᠭᠠᠷᠤᠭᠰᠠᠨ ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ | ᠦᠢᠯᠡᠰ ᠪᠣᠰᠬᠠᠬᠤ ᠵᠣᠷᠢᠭ ᠰᠠᠨᠠᠭ᠎ᠠ ᠨᠢ ᠥᠨᠢ ᠡᠭᠦᠷᠢᠳᠡ ᠱᠠᠭᠠᠷᠳᠠᠭᠳᠠᠬᠤ ᠶᠤᠮ᠃ ᠮᠠᠨ ᠤ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ ᠰᠡᠳᠬᠢᠯ ᠠᠴᠠ ᠪᠠᠨ ᠬᠠᠯᠠᠮᠵᠢᠯᠠᠨ ᠲᠡᠭᠦᠨ ᠳᠤ | ᠦᠢᠯᠡᠴᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ | ᠪᠠᠶᠢᠭᠤᠯᠵᠤ᠂ ᠪᠦᠭᠦ ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ᠂ ᠠᠵᠤ ᠠᠬᠤᠶᠢᠯᠠᠯᠲᠠᠨ ᠢ | ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ | ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠠᠪᠲᠠᠢ ᠨᠡᠩ ᠭᠡᠷᠡᠯ ᠰᠠᠴᠤᠷᠠᠩᠭᠤᠢ ᠦᠢᠯᠡᠰ | ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ ᠵᠠᠷᠢᠮ | ᠬᠠᠯᠠᠮᠰᠢᠯ ᠠᠰᠠᠭᠤᠳᠠᠯ ᠢ ᠳᠡᠭᠡᠳᠦ ᠬᠡᠮᠵᠢᠶ᠎ᠡ ᠪᠠᠷ ᠠᠩᠬᠠᠷᠴᠤ ᠪᠤᠢ᠃ ᠡᠨᠡ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ | ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ᠂ ᠲᠡᠭᠡᠪᠡᠯ ᠵᠠᠰᠠᠭ ᠤᠨ ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ | ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ︖ ᠨᠢᠳᠤᠨᠤᠨ ᠳᠤᠮᠳᠠᠳᠤ ᠤᠯᠤᠰ ᠲᠤ ᠤᠯᠠᠨ ᠵᠢᠯ ᠳᠤ ᠪᠠᠶᠢᠭ᠎ᠠ | ᠦᠭᠡᠢ ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ ᠠᠮᠠ ᠶᠢᠨ ᠴᠡᠪᠡᠷ ᠠᠰᠢᠭ ᠤᠳᠠᠯ ᠦᠭᠡᠢ | ᠠᠷᠢᠯᠬᠤ ᠶᠢ ᠬᠠᠷᠠᠭᠤᠯᠵᠤ ᠪᠠᠶᠢᠨ᠎ᠠ ᠦᠦ︖ ᠡᠨᠡ ᠵᠢᠯ ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ | ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ︖ | ᠯᠢ ᠴᠢᠶᠠᠩ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ᠂ ᠵᠠᠪ ᠴᠢᠯᠦᠭᠡ | ᠣᠯᠳᠠᠭᠰᠠᠭᠠᠷ ᠯᠡ ᠰᠦᠯᠵᠢᠶᠡᠨ ᠳᠤ ᠭᠠᠷᠴᠤ᠂ ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ᠂ ᠶᠠᠮᠠᠷ ᠰᠠᠶᠢᠨ | ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ᠃ | ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ ᠠᠵᠢᠯ | ᠣᠯᠭᠤᠯᠲᠠ ᠶᠢᠨ ᠠᠰᠠᠭᠤᠳᠠᠯ᠃ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ | ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠪᠣᠯ ᠬᠠᠰᠢᠯᠠ ᠠᠵᠤ | ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠪᠢᠳᠡ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ | ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ ᠣᠯᠭᠤᠯᠲᠠ ᠶᠢᠨ ᠰᠢᠨ᠎ᠡ | ᠭᠡᠯᠪᠡᠷᠢ ᠶᠢ ᠳᠡᠮᠵᠢᠨ ᠵᠢᠷᠤᠮᠵᠢᠭᠤᠯᠤᠨ᠎ᠠ᠃ ᠡᠨᠡ ᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢ ᠵᠢᠱᠢᠯᠲᠡ ᠪᠠᠷ | 1158 ᠲᠦᠮᠡ ᠪᠤᠢ᠂ ᠠᠵᠢᠯ ᠣᠯᠭᠤᠯᠲᠠ ᠶᠢᠨ ᠲᠠᠯ᠎ᠠ ᠠᠴᠠ ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ︔ ᠭᠡᠪᠡᠴᠦ | ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ᠂ ᠡᠨᠡ ᠨᠢ ᠠᠮᠢᠵᠢᠷᠠᠯ ᠤᠨ ᠬᠦᠴᠦᠨ ᠨᠡᠮᠡᠷᠢᠯᠡᠪᠡ᠃ ᠪᠢᠳᠡ ᠠᠵᠢᠯ | ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠢ ᠬᠠᠪᠰᠤᠷᠤᠨ ᠭᠦᠳᠡᠯᠮᠦᠷᠢ ᠪᠠ | ᠲᠡᠮᠡᠴᠡᠯ ᠢᠶᠠᠷ ᠳᠠᠮᠵᠢᠭᠤᠯᠤᠨ᠂ ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ | ᠪᠣᠯᠭᠠᠨ᠎ᠠ᠃ | ᠬᠤᠶᠠᠳᠤᠭᠠᠷ ᠠᠰᠠᠭᠤᠯᠳᠠ ᠪᠣᠯ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ᠃ ᠮᠠᠨ ᠤ ᠤᠯᠤᠰ ᠤᠨ | ᠬᠥᠮᠥᠨ ᠠᠮᠠ ᠶᠢᠨ ᠥᠰᠦᠯᠲᠡ ᠡᠶᠡᠷᠭᠦ ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ᠂ ᠬᠥᠮᠥᠨ ᠠᠮᠠ ᠶᠢᠨ ᠴᠡᠪᠡᠷ | ᠠᠰᠢᠭ ᠡᠭᠦᠨ ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ ᠰᠠᠨᠠᠭ᠎ᠠ ᠵᠣᠪᠠᠵᠤ ᠪᠠᠶᠢᠨ᠎ᠠ᠃ ᠮᠢᠨᠤ | ᠪᠤᠳᠣᠬᠤ ᠪᠠᠷ ᠲᠡᠶᠢᠮᠦ ᠠᠮᠠᠷᠬᠠᠨ ᠪᠢᠰᠢ᠃ ᠬᠥᠮᠥᠨ ᠠᠮᠠ ᠶᠢᠨ ᠴᠡᠪᠡᠷ ᠠᠰᠢᠭ ᠢ ᠶᠡᠷᠦᠩᠬᠡᠢ ᠬᠡᠮᠵᠢᠶ᠎ᠡ ᠪᠠᠷ ᠨᠢ ᠦᠵᠡᠬᠦ | ᠬᠡᠷᠡᠭᠲᠡᠢ ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ᠂ ᠬᠥᠮᠥᠨ ᠠᠮᠠ ᠪᠠᠷ ᠨᠢ ᠦᠵᠡᠬᠦ ᠬᠡᠷᠡᠭᠲᠡᠢ | ᠮᠥᠷᠲᠡᠭᠡᠨ ᠨᠡᠩ ᠴᠤ ᠴᠢᠳᠠᠪᠤᠷᠢᠲᠠᠨ ᠢᠶᠠᠷ ᠨᠢ ᠦᠵᠡᠬᠦ ᠬᠡᠷᠡᠭᠲᠡᠢ᠃ ᠮᠠᠨ ᠤ ᠤᠯᠤᠰ ᠲᠤ 9 ᠳ᠋ᠦᠩᠰᠢᠭᠤᠷ ᠰᠢᠬᠠᠮ | ᠭᠦᠳᠡᠯᠮᠦᠷᠢ ᠬᠦᠴᠦᠨ ᠲᠠᠢ ᠪᠠᠶᠢᠵᠤ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠭᠦᠳᠡᠯᠮᠦᠷᠢ ᠬᠦᠴᠦᠨ ᠴᠥᠮ 1500 | ᠲᠦᠮᠡ ᠶᠢ ᠳᠠᠪᠠᠵᠤ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠪᠠᠶᠢᠬᠤ ᠨᠢ ᠮᠥᠨ ᠯᠡ ᠳᠤᠮᠳᠠᠳᠤ ᠤᠯᠤᠰ ᠤᠨ | ᠲᠣᠪᠣᠶᠢᠮ᠎ᠠ ᠳᠠᠪᠠᠭᠤᠯᠢᠭ ᠪᠣᠯᠣᠭᠰᠠᠭᠠᠷ ᠪᠠᠶᠢᠨ᠎ᠠ᠃ ᠨᠡᠩ ᠴᠢᠬᠤᠯᠠ ᠨᠢ᠂ ᠮᠠᠨ ᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 ᠳ᠋ᠦᠩᠰᠢᠭᠤᠷ ᠢ ᠳᠠᠪᠠᠵᠤ᠂ ᠰᠢᠨ᠎ᠡ ᠪᠠᠷ ᠨᠡᠮᠡᠭᠳᠡᠭᠰᠡᠨ | ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ ᠳᠤ ᠬᠦᠷᠴᠡᠢ᠃ | ᠮᠠᠨ ᠤ ︽ᠬᠥᠮᠥᠨ ᠠᠮᠠ ᠶᠢᠨ ᠴᠡᠪᠡᠷ ᠠᠰᠢᠭ︾ ᠠᠷᠢᠯᠤᠭᠠᠳᠤᠢ᠂ ︽ᠴᠢᠳᠠᠪᠤᠷᠢᠲᠠᠨ ᠤ ᠴᠡᠪᠡᠷ ᠠᠰᠢᠭ︾ ᠶᠠᠭ | ᠪᠦᠷᠢᠯᠳᠦᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ᠃ | ᠬᠡᠯᠡᠯᠭᠡᠨ ᠦᠭᠡᠢ᠂ ᠪᠢᠳᠡ ᠬᠥᠮᠥᠨ ᠠᠮᠠ ᠶᠢᠨ ᠨᠡᠮᠡᠭᠳᠡᠯ ᠬᠠᠰᠤᠭᠳᠠᠯ ᠤᠨ ᠠᠪᠴᠢᠷᠠᠵᠤ ᠮᠡᠳᠡᠭᠦ ᠠᠰᠠᠭᠤᠳᠠᠯ ᠢ ᠪᠠᠰᠠ | ᠭᠦᠨᠵᠡᠭᠡᠢ ᠵᠠᠳᠠᠯᠤᠨ ᠰᠤᠳᠤᠯᠵᠤ᠂ ᠢᠳᠡᠪᠬᠢᠲᠡᠢ ᠠᠷᠭᠠᠴᠠᠭᠠᠬᠤ ᠬᠡᠷᠡᠭᠲᠡᠢ᠃ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢ ᠪᠢᠳᠡ | ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠨᠤᠲᠠᠯᠠᠯᠲᠠ ᠬᠢᠵᠦ᠂ ᠵᠣᠬᠢᠰᠲᠠᠢ ᠦᠶ᠎ᠡ ᠳᠤ ᠯᠠᠪᠳᠠᠭᠤᠨ ᠢᠶᠠᠷ ᠬᠡᠷᠡᠭᠵᠢᠭᠦᠯᠦᠨ᠎ᠡ᠃ | | ᠦᠽᠪᠸᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ᠄ ᠳᠡᠯᠡᠬᠡᠢ ᠳᠡᠭᠡᠷᠡᠬᠢ ᠵᠠᠷᠢᠮ | ᠬᠥᠮᠥᠰ ᠳᠤᠮᠳᠠᠳᠤ ᠤᠯᠤᠰ ᠪᠤᠰᠤᠳ ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ ᠬᠤᠶᠠᠷ ᠵᠢᠯ ᠭᠠᠷᠤᠢ | ᠴᠢᠩᠭ᠎ᠠ ᠡᠵᠡᠮᠳᠡᠭᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ ᠪᠠᠶᠢᠨ᠎ᠠ᠂ ᠢᠷᠡᠭᠡᠳᠦᠢ ᠳᠤ ᠭᠠᠷᠴᠤ ᠮᠡᠳᠡᠭᠦ ᠰᠢᠨ᠎ᠡ | ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠬᠡᠯ ᠬᠢᠭᠰᠡᠨ ᠪᠤᠢ︖ | ᠯᠢ ᠴᠢᠶᠠᠩ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠢᠵᠢᠭ ᠲᠠᠢ | ᠲᠡᠮᠡᠴᠡᠵᠦ᠂ ᠣᠲᠣ ᠨᠢᠭᠡᠨᠲᠡ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠪᠠ᠃ ᠭᠤᠷᠪᠠᠨ ᠵᠢᠯ ᠭᠠᠷᠤᠢ ᠶᠢᠨ | ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ᠰᠢᠨᠵᠢᠯᠡᠬᠦ | ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠪᠡ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ | ᠱᠠᠲᠤᠨ ᠳᠤ᠂ ᠪᠢᠳᠡ ᠡᠷᠡᠰ ᠰᠢᠭᠤᠷᠬᠠᠢ ᠪᠠᠷ ︽ᠬᠥᠬᠡᠭᠴᠢᠨ ᠲᠥᠷᠥᠯ ᠤᠨ ᠬᠥᠬᠡ ᠬᠠᠮᠢᠶᠠᠷᠤᠯᠲᠠ︾ ᠶᠢ ᠬᠡᠷᠡᠭᠵᠢᠭᠦᠯᠵᠦ᠂ | ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠦᠲᠦᠮᠵᠢᠲᠡᠶ | ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠦᠶᠯᠡᠳᠭᠦ᠂ ᠸᠠᠺᠼᠢᠨ ᠤ ᠲᠠᠷᠢᠯᠭ᠎ᠠ ᠶᠢ | ᠲᠦᠭᠡᠮᠡᠯᠵᠢᠭᠦᠯᠬᠦ ᠵᠡᠷᠭᠡ ᠳᠤ ᠡᠷᠬᠢᠮ ᠨᠠᠨᠳᠢᠨ ᠴᠠᠭ ᠬᠤᠭᠤᠴᠠᠭ᠎ᠠ ᠣᠯᠭᠤᠭᠰᠠᠨ ᠪᠠᠶᠢᠨ᠎ᠠ᠃ ᠸᠢᠷᠦ᠋ᠰ ᠤᠨ ᠡᠪᠡᠳᠴᠢᠯᠡᠭᠦᠯᠬᠦ | ᠬᠦᠴᠦᠨ ᠰᠤᠯᠠᠷᠠᠬᠤ ᠪᠠ ᠮᠠᠨ ᠤ ᠤᠯᠤᠰ ᠤᠨ ᠰᠡᠷᠭᠡᠶᠢᠯᠡᠨ ᠵᠠᠰᠠᠬᠤ ᠴᠢᠳᠠᠪᠤᠷᠢ ᠳᠡᠭᠡᠭᠰᠢᠯᠡᠬᠦ ᠶᠢ ᠳᠠᠭᠠᠯᠳᠤᠨ᠂ ᠪᠢᠳᠡ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ᠂ ᠵᠣᠬᠢᠰᠲᠠᠢ | ᠴᠠᠭ ᠲᠤ ᠲᠣᠬᠢᠷᠠᠭᠤᠯᠤᠯᠲᠠ ᠬᠢᠵᠦ᠂ ︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠪᠡ᠃ | ᠳᠤᠮᠳᠠᠳᠤ ᠤᠯᠤᠰ ᠰᠢᠭ᠋ ᠡᠶᠢᠮᠦ ᠬᠥᠮᠥᠨ ᠠᠮᠠ ᠤᠯᠠᠨ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ | ᠬᠦᠷᠬᠦ ᠦᠭᠡᠢ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠵᠦ᠂ | ᠠᠵᠤ ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ ᠠᠮᠠᠷ ᠦᠭᠡᠢ ᠶᠠᠪᠤᠳᠠᠯ | ᠶᠤᠮ᠃ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ | ᠬᠡᠮᠵᠢᠶ᠎ᠡ ᠪᠣᠯ ᠪᠦᠷᠢᠮᠦᠰᠦᠨ ᠵᠥᠪ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠭᠡ ᠭᠡᠳᠡᠭ ᠢ ᠦᠢᠯᠡᠳᠦᠯᠭᠡ | ᠭᠡᠷᠡᠴᠢᠯᠡᠪᠡ᠃ | ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ | ᠮᠥᠨ᠃ ᠣᠳᠣᠬᠠᠨ ᠳᠤ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ | ᠮᠥᠨ ᠬᠦ ᠣᠷᠣᠰᠢᠵᠤ ᠪᠠᠶᠢᠨ᠎ᠠ᠂ ᠪᠢᠳᠡ ᠴᠠᠭ ᠲᠤᠬᠠᠢ ᠳᠤᠨᠢ ᠰᠤᠳᠤᠯᠤᠨ ᠮᠠᠭᠠᠳᠯᠠᠵᠤ᠂ ᠤᠷᠢᠳᠴᠢᠯᠠᠨ ᠵᠢᠱᠢᠵᠦ | ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠪᠠᠶᠢᠳᠠᠯ ᠳᠣᠣᠷᠠᠬᠢ ᠬᠢᠵᠢᠭ ᠤᠨ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠸᠠᠺᠼᠢᠨ ᠪᠠ ᠡᠮ ᠤᠨ | ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠳᠡᠯᠡᠬᠡᠢ ᠨᠡᠶᠢᠭᠡᠮ ᠯᠦᠭᠡ ᠶᠢᠨ ᠬᠠᠮᠲᠤᠷᠠᠯᠴᠠᠭ᠎ᠠ ᠪᠠ | ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠬᠠᠮᠲᠤ ᠪᠠᠷ | ᠬᠠᠮᠠᠭᠠᠯᠠᠨ᠎ᠠ᠃ | ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠡᠬᠡ ᠬᠠᠭᠤᠷᠠᠢ ᠶᠢᠨ ᠲᠠᠯ᠎ᠠ ᠠᠴᠠ᠂ | ᠲᠠᠶᠢᠸᠠᠨ ᠤ ᠠᠬ᠎ᠠ ᠳᠡᠭᠦᠦ ᠨᠠᠷ ᠢ ᠢᠮᠠᠭᠲᠠ ᠬᠠᠶᠢᠷᠠᠯᠠᠨ ᠬᠠᠯᠠᠮᠵᠢᠯᠠᠵᠤ᠂ ᠭᠦᠨᠳᠦᠳᠭᠡᠵᠦ᠂ ᠪᠤᠶᠠᠨ ᠦᠢᠯᠡᠳᠦᠨ᠎ᠡ ᠭᠡᠵᠦ | ᠢᠯᠡᠷᠬᠡᠶᠢᠯᠡᠪᠡ᠃ ᠡᠬᠡ ᠬᠠᠭᠤᠷᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ | ᠰᠢᠯᠢᠳᠡᠭᠵᠢᠭᠦᠯᠬᠦ ᠶᠢ ᠳᠠᠭᠠᠯᠳᠤᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ ᠣᠯᠠᠨ ᠴᠥᠮ ᠲᠠᠶᠢᠸᠠᠨ | ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ ᠲᠦᠷᠭᠡᠨ ᠢᠶᠠᠷ ᠪᠦᠭᠦ ᠲᠠᠯ᠎ᠠ ᠪᠠᠷ | ᠰᠡᠷᠭᠦᠭᠡᠬᠦ ᠶᠢ ᠬᠦᠰᠡᠵᠦ ᠪᠠᠶᠢᠨ᠎ᠠ᠃ ᠲᠡᠭᠡᠪᠡᠯ᠂ ᠡᠬᠡ ᠬᠠᠭᠤᠷᠠᠢ ᠶᠢᠨ ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠬᠤᠶᠠᠷ | ᠭᠦᠪᠡᠭᠡ ᠶᠢᠨ ᠠᠵᠤ ᠠᠬᠤᠢ ᠰᠣᠶᠣᠯ ᠤᠨ ᠬᠠᠮᠲᠤᠷᠠᠯᠴᠠᠭ᠎ᠠ ᠰᠣᠯᠢᠯᠴᠠᠭ᠎ᠠ ᠵᠢᠴᠢ ᠬᠥᠮᠥᠰ ᠤᠨ ᠶᠠᠪᠤᠯᠴᠠᠭ᠎ᠠ ᠶᠢ ᠠᠬᠢᠭᠤᠯᠬᠤ | ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖ | ᠯᠢ ᠴᠢᠶᠠᠩ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ ᠬᠥᠮᠥᠨ | ᠮᠥᠨ᠂ ᠴᠢᠰᠤ ᠮᠢᠬᠠᠨ ᠤ ᠪᠠᠷᠢᠯᠳᠤᠯᠭ᠎ᠠ ᠲᠠᠢ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ᠃ ᠪᠢᠳᠡ ᠨᠢᠭᠡ ᠳᠤᠮᠳᠠᠳᠤ | ᠤᠯᠤᠰ ᠪᠠᠶᠢᠬᠤ ᠵᠠᠷᠴᠢᠮ ᠪᠣᠯᠣᠨ ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ︾ ᠶᠢᠨ ᠰᠠᠭᠤᠷᠢᠨ ᠳᠡᠭᠡᠷ᠎ᠡ᠂ | ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ | ᠦᠷᠭᠦᠯᠵᠢᠯᠡᠨ ᠠᠬᠢᠭᠤᠯᠵᠤ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷ ᠪᠣᠯᠣᠨ ᠲᠠᠶᠢᠸᠠᠨ ᠤ ᠠᠵᠤ ᠠᠬᠤᠶᠢᠯᠠᠯ ᠢ ᠡᠬᠡ | ᠬᠠᠭᠤᠷᠠᠢ ᠳᠤ ᠢᠷᠡᠭᠦᠯᠵᠦ᠂ ᠳᠤᠷᠠᠲᠠᠶ᠎ᠠ ᠢᠷᠡᠭᠦᠯᠭᠦ ᠪᠠᠷ ᠪᠠᠷᠠᠬᠤ ᠦᠭᠡᠢ ᠠᠭᠤᠰᠤᠯᠴᠠᠭᠤᠯᠵᠤ᠂ ᠰᠠᠶᠢᠨ ᠬᠥᠭᠵᠢᠯᠲᠡ ᠲᠠᠢ | ᠪᠣᠯᠭᠠᠨ᠎ᠠ᠃ | ᠣᠳᠣᠬᠠᠨ ᠳᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ ᠶᠠᠪᠤᠯᠴᠠᠭ᠎ᠠ | ᠶᠢ ᠡᠷᠲᠡᠬᠡᠨ ᠪᠡᠶᠡᠯᠡᠭᠦᠯᠵᠦ᠂ ᠡᠯ᠎ᠡ ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ ᠣᠯᠠᠨ ᠤ ᠬᠠᠮᠲᠤ ᠶᠢᠨ | ᠬᠦᠰᠡᠯ ᠡᠷᠡᠮᠡᠯᠵᠡᠯ ᠮᠥᠨ᠂ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ᠃ | ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ ᠬᠠᠮᠤᠭ ᠤᠨ ᠨᠦᠰᠡᠷ | ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠃ ᠠᠰᠠᠭᠤᠬᠤ ᠨᠢ᠂ ᠲᠤᠰ ᠬᠤᠭᠤᠴᠠᠭᠠᠨ ᠤ ᠵᠠᠰᠠᠭ ᠤᠨ | ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ︖ | ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ᠂ ᠣᠳᠣᠬᠠᠨ ᠳᠤ ᠪᠠᠰᠠ 5 | ᠳ᠋ᠦᠩᠰᠢᠭᠤᠷ ᠰᠢᠬᠠᠮ ᠬᠥᠮᠥᠨ ᠬᠥᠳᠡᠭᠡ ᠲᠣᠰᠬᠤᠨ ᠳᠤ ᠪᠠᠶᠢᠩᠭᠤ ᠰᠠᠭᠤᠷᠢᠰᠢᠵᠤ ᠪᠤᠢ᠃ ᠬᠥᠳᠡᠭᠡ ᠠᠵᠤ ᠠᠬᠤᠢ ᠬᠥᠳᠡᠭᠡ | ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮᠲᠤ ᠣᠳᠣᠬᠢᠴᠢᠯᠠᠯᠲᠠ ᠪᠦᠭᠦ ᠲᠠᠯ᠎ᠠ ᠶᠢᠨ ᠪᠢᠰᠢ ᠶᠤᠮ᠃ | ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷ᠎ᠡ᠂ | ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂︽ | ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠣᠳᠣᠬᠠᠨ ᠳᠤ | ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ᠂ ᠮᠢᠨᠤ ᠦᠵᠡᠬᠦ ᠪᠠᠷ ᠳᠠᠷᠠᠭᠠᠴᠢ | ᠶᠢᠨ ᠪᠣᠳᠠᠲᠠᠢ ᠠᠵᠢᠯ ᠤᠨ ᠳᠤᠮᠳᠠ ᠪᠠᠨ ᠭᠤᠷᠪᠠᠨ ᠵᠠᠩᠭᠢᠯᠠᠭ᠎ᠠ ᠶᠢᠨ ᠦᠭᠡᠰ ᠢ ᠳᠣᠪᠤᠶᠢᠯᠭᠠᠨ᠎ᠠ᠄ ᠨᠢᠭᠡ ᠳᠤ ᠪᠦᠭᠦ ᠲᠠᠯ᠎ᠠ | ᠪᠠᠷ᠃ ᠵᠥᠪᠭᠡᠨ ᠠᠵᠤ ᠠᠬᠤᠢ ᠶᠢ ᠬᠥᠭᠵᠢᠭᠦᠯᠬᠦ ᠲᠡᠳᠦᠢ ᠪᠢᠰᠢ᠂ ᠬᠠᠷᠢᠨ ᠬᠥᠳᠡᠭᠡ ᠲᠣᠰᠬᠤᠨ ᠤ ᠠᠵᠤ ᠠᠬᠤᠢ ᠶᠢᠨ | ᠥᠷᠲᠡᠭ᠂ ᠠᠮᠢ ᠠᠬᠤᠢ ᠶᠢᠨ ᠥᠷᠲᠡᠭ᠂ ᠨᠡᠶᠢᠭᠡᠮ ᠤᠨ ᠥᠷᠲᠡᠭ᠂ ᠰᠣᠶᠣᠯ ᠤᠨ ᠥᠷᠲᠡᠭ ᠢ ᠪᠦᠭᠦ ᠲᠠᠯ᠎ᠠ ᠪᠠᠷ | ᠢᠯᠡᠷᠡᠭᠦᠯᠦᠨ᠎ᠡ᠃ ᠬᠤᠶᠠᠷ ᠲᠤ ᠥᠪᠡᠷᠮᠢᠴᠡ ᠣᠨᠴᠠᠯᠢᠭ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ | ᠂ ︽ᠠᠷᠪᠠᠨ ᠭᠠᠵᠠᠷ ᠲᠤ ᠠᠳᠠᠯᠢ ᠪᠤᠰᠤ ᠶᠢᠨ ᠰᠠᠯᠬᠢᠨ ᠲᠠᠢ᠂ ᠵᠠᠭᠤᠨ ᠭᠠᠵᠠᠷ ᠲᠤ ᠠᠳᠠᠯᠢ ᠪᠤᠰᠤ ᠶᠢᠨ ᠵᠠᠩᠰᠢᠯ ᠲᠠᠢ︾᠂ | ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠥᠪᠡᠷ ᠤᠨ ᠣᠨᠴᠠᠯᠢᠭ ᠲᠠᠢ ᠬᠥᠳᠡᠭᠡ ᠲᠣᠰᠬᠤᠨ ᠤ ᠳᠦᠷᠰᠦ | ᠪᠠᠶᠢᠳᠠᠯ ᠢ ᠴᠣᠭᠴᠠᠯᠠᠵᠤ᠂ ᠭᠠᠵᠠᠷ ᠣᠷᠣᠨ ᠤ ᠰᠣᠶᠣᠯ᠂ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠨ ᠤᠯᠠᠮᠵᠢᠯᠠᠬᠤ | ᠬᠡᠷᠡᠭᠲᠡᠢ᠂ ᠲᠣᠰᠬᠤᠨ ᠪᠣᠯᠭᠠᠨ ᠢ ᠨᠢᠭᠡ ᠯᠡ ᠬᠡᠪ ᠤᠨ ᠪᠠᠶᠢᠯᠭᠠᠵᠤ ᠪᠤᠯᠬᠤ ᠦᠭᠡᠢ᠃ ᠭᠤᠷᠪᠠ ᠳᠤ ᠥᠭᠡᠷᠡᠴᠢᠯᠡᠯᠲᠡ ᠬᠢᠬᠦ᠃ | ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ᠂ ᠥᠷᠭᠡᠨ ᠣᠯᠠᠨ ᠲᠠᠷᠢᠶᠠᠴᠢᠨ ᠪᠣᠯ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠭᠤᠣᠯ ᠴᠣᠭᠴᠠ ᠮᠥᠨ᠂ ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠡᠳᠡᠨ ᠢ | ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ | ᠨᠡᠩ ᠰᠠᠶᠢᠲᠤᠷ ᠡᠳ᠋ᠯᠡᠭᠦᠯᠭᠦ ᠬᠡᠷᠡᠭᠲᠡᠢ᠃ | ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ᠃ ᠮᠠᠨ ᠤ | ᠤᠯᠤᠰ ᠤᠨ ᠠᠮᠤ ᠪᠤᠳᠠᠭᠠᠨ ᠤ ᠤᠨᠠᠯᠲᠠ 8 ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ᠂ ᠶᠡᠷᠦᠩᠬᠡᠢ | ᠳᠡᠭᠡᠨ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠶᠤᠮ᠂ ᠪᠢᠳᠡ ᠲᠠᠷᠢᠶᠠᠨ ᠭᠠᠵᠠᠷ ᠪᠠ ᠦᠷ᠎ᠡ ᠡᠭᠦᠯᠳᠡᠷ ᠤᠨ ︽ | ᠬᠤᠶᠠᠷ ᠵᠠᠩᠭᠢᠯᠠᠭ᠎ᠠ︾ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ | ᠦᠭᠡᠢ ᠳᠡᠭᠡᠭᠰᠢᠯᠡᠭᠦᠯᠦᠨ᠎ᠡ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ ᠨᠢ᠄ ᠠᠮᠤ ᠪᠤᠳᠠᠭᠠᠨ ᠤ | ᠦᠢᠯᠡᠳᠪᠦᠷᠢᠯᠡᠯ ᠢ ᠳᠡᠮᠵᠢᠭᠦ ᠵᠠᠰᠠᠭ ᠤᠨ ᠣᠷᠳᠣᠨ ᠤ ᠪᠤᠢ ᠪᠦᠬᠦᠢ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠠᠴᠠ ᠪᠢᠰᠢ | ᠬᠠᠰᠤᠭᠳᠠᠭᠤᠯᠬᠤ ᠦᠭᠡᠢ᠂ ᠣᠯᠠᠨ ᠢ ᠵᠣᠷᠢᠭᠵᠢᠭᠤᠯᠤᠨ ᠠᠮᠤ ᠪᠤᠳᠠᠭ᠎ᠠ ᠶᠢ ᠣᠯᠠᠨ ᠲᠠᠷᠢᠭᠤᠯᠵᠤ᠂ ᠳᠤᠮᠳᠠᠳᠤ ᠤᠯᠤᠰ ᠤᠨ | 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ | ᠪᠠᠲᠤᠯᠠᠨ᠎ᠠ᠃ | ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ᠄ ᠣᠳᠣᠬᠠᠨ | ᠳᠤ ᠭᠠᠵᠠᠷ ᠣᠷᠣᠨ ᠤ ᠤᠯᠤᠰ ᠲᠥᠷᠥ ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ ᠶᠠᠪᠤᠳᠠᠯ | ᠬᠤᠷᠴᠠᠳᠴᠤ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠴᠢᠮ ᠰᠢᠷᠦᠭᠦᠨ ᠮᠥᠷᠲᠡᠭᠡᠨ ᠡᠰᠡᠷᠭᠦᠴᠡᠯᠳᠦᠵᠦ ᠪᠠᠶᠢᠨ᠎ᠠ᠂ | ᠬᠡᠳᠦᠶᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠶᠢ | ᠴᠢᠬᠤᠯᠠᠴᠢᠯᠠᠭᠰᠠᠭᠠᠷ ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯ ᠭᠠᠳᠠᠭᠠᠳᠤ ᠶᠢᠨ ᠠᠵᠤ ᠠᠬᠤᠶᠢᠯᠠᠯ | ᠮᠥᠨ ᠯᠡ ᠰᠠᠨᠠᠭ᠎ᠠ ᠠᠮᠤᠷ ᠡᠵᠡᠩᠨᠡᠯᠲᠡ ᠬᠢᠵᠦ ᠳᠡᠶᠢᠯᠭᠦ ᠦᠭᠡᠢ ᠪᠠᠶᠢᠵᠤ᠂ ᠵᠠᠷᠢᠮ ᠨᠢ ᠤᠬᠤᠷᠢᠨ ᠭᠠᠷᠬᠤ ᠶᠢ ᠪᠣᠳᠣᠯᠬᠢᠯᠠᠵᠤ | ᠪᠠᠶᠢᠨ᠎ᠠ᠃ ᠲᠡᠭᠡᠪᠡᠯ᠂ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠶᠢᠨ ᠲᠥᠷᠥ ᠶᠢᠨ ᠪᠣᠳᠣᠯᠭ᠎ᠠ ᠳᠤ ᠬᠤᠪᠢᠷᠠᠯᠲᠠ | ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ ᠵᠢᠴᠢ ᠲᠡᠭᠦᠨ ᠤ ᠰᠠᠶᠢᠵᠢᠷᠠᠯᠲᠠ ᠶᠢᠨ ᠢᠷᠡᠭᠡᠳᠦᠢ | ᠶᠢᠨ ᠬᠠᠨᠳᠤᠰᠢ ᠶᠢ ᠬᠡᠷᠬᠢᠨ ᠦᠵᠡᠵᠦ ᠪᠠᠶᠢᠬᠤ ᠪᠤᠢ︖ | ᠯᠢ ᠴᠢᠶᠠᠩ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ | ᠪᠣᠯᠣᠨ᠎ᠠ᠂ ᠥᠭᠡᠷᠡᠴᠢᠯᠡᠯᠲᠡ ᠨᠡᠭᠡᠭᠡᠯᠲᠡ ᠨᠢ ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ | ᠨᠥᠯᠥᠭᠡᠯᠡᠪᠡ᠃ ᠮᠢᠨᠤ ᠡᠵᠡᠮᠰᠢᠭᠰᠡᠨ ᠪᠠᠶᠢᠳᠠᠯ ᠠᠴᠠ ᠦᠵᠡᠪᠡᠯ᠂ ᠵᠣᠩᠬᠢᠯᠠᠬᠤ ᠣᠯᠠᠨ ᠲᠣᠭᠠᠨ ᠤ ᠭᠠᠳᠠᠭᠠᠳᠤ ᠪᠡᠯᠡ ᠶᠢᠨ | ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ᠂ | ᠨᠢᠳᠤᠨᠤᠨ ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠬᠡᠷᠡᠭᠯᠡᠵᠦ᠂ ᠲᠡᠦᠬᠡ ᠶᠢᠨ | ᠰᠢᠨ᠎ᠡ ᠲᠡᠮᠳᠡᠭᠯᠡᠯ ᠢ ᠡᠭᠦᠳᠴᠦ᠂ ᠭᠤᠷᠪᠠᠨ ᠵᠢᠯ ᠤᠨ ᠡᠮᠦᠨᠡᠬᠢ ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ᠃ | ᠡᠨᠡ ᠨᠢ ᠳᠤᠮᠳᠠᠳᠤ ᠤᠯᠤᠰ ᠮᠥᠨ ᠬᠦ ᠪᠦᠭᠦ ᠪᠥᠮᠪᠥᠷᠴᠡᠭ ᠤᠨ ᠪᠡᠯᠡ ᠣᠷᠣᠭᠤᠯᠤᠯᠲᠠ ᠶᠢᠨ ᠬᠠᠯᠠᠮᠰᠢᠯ ᠭᠠᠵᠠᠷ ᠪᠤᠯᠬᠤ ᠶᠢ | ᠬᠠᠷᠠᠭᠤᠯᠵᠤ ᠪᠠᠶᠢᠨ᠎ᠠ᠃ | ᠭᠠᠳᠠᠭᠠᠳᠤ ᠨᠡᠭᠡᠭᠡᠯᠲᠡ ᠪᠣᠯ ᠮᠠᠨ ᠤ ᠦᠨᠳᠦᠰᠦᠨ ᠤᠯᠤᠰ ᠤᠨ ᠪᠣᠳᠣᠯᠭ᠎ᠠ ᠮᠥᠨ᠂ ᠭᠠᠳᠠᠭᠠᠳᠤ ᠪᠠᠶᠢᠳᠠᠯ ᠶᠠᠭᠠᠬᠢᠵᠤ | ᠬᠤᠪᠢᠷᠠᠭᠰᠠᠨ ᠴᠦ ᠪᠢᠳᠡ ᠴᠥᠮ ᠡᠷᠡᠰ ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ᠃ ᠪᠢ ᠠᠳᠡ ᠳᠤᠮᠳᠠᠳᠤ | ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ ᠢ ᠣᠨᠴᠠᠭᠠᠶᠢᠯᠠᠨ | ᠳᠤᠷᠠᠳᠤᠶ᠎ᠠ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ ᠳ᠋ᠠᠬᠢᠨ ᠲᠡᠶᠢᠰᠢ ᠵᠠᠬ᠎ᠠ ᠳᠡᠯᠭᠡᠭᠦᠷ ᠢᠶᠠᠨ | ᠨᠡᠭᠡᠭᠡᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠂ | ᠨᠢᠭᠡᠨᠲᠡ 5 ᠬᠤᠭᠤᠴᠠᠭ᠎ᠠ ᠦᠷᠭᠦᠯᠵᠢᠯᠡᠨ ᠡᠷᠭᠢᠯᠡᠵᠦ᠂ ᠬᠢᠵᠢᠭ ᠤᠨ ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ | ᠶᠤᠮ᠂ ᠨᠢᠳᠤᠨᠤᠨ 127 ᠤᠯᠤᠰ ᠪᠠ ᠭᠠᠵᠠᠷ ᠣᠷᠣᠨ ᠤ 2800 ᠭᠠᠷᠤᠢ ᠠᠵᠤ ᠠᠬᠤᠶᠢᠯᠠᠯ ᠦᠵᠡᠰᠭᠦᠯᠡᠩ ᠤᠨ | ᠴᠤᠭᠯᠠᠭᠠᠨ ᠳᠤ ᠣᠷᠣᠯᠴᠠᠬᠰᠠᠨ ᠪᠠᠶᠢᠨ᠎ᠠ᠃ ᠳᠤᠮᠳᠠᠳᠤ ᠤᠯᠤᠰ ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ ᠨᠢ ᠡᠯ᠎ᠡ | ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ | ᠴᠤᠭᠯᠠᠭᠠᠨ ᠢ ᠠᠮᠵᠢᠯᠲᠠ ᠲᠠᠢ ᠡᠷᠭᠢᠯᠡᠭᠰᠡᠨ ᠨᠢ ᠭᠦᠢᠴᠡᠳ ᠲᠣᠳᠣᠷᠬᠠᠶᠢᠯᠠᠵᠤ ᠪᠠᠶᠢᠨ᠎ᠠ᠃ | ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ | ᠵᠣᠯᠭᠠᠭᠤᠯᠵᠤ᠂ ᠨᠡᠭᠡᠭᠡᠯᠲᠡ ᠪᠠᠨ ᠤᠯᠠᠮ ᠴᠢᠨᠠᠭᠰᠢᠳᠠ ᠥᠷᠭᠡᠳᠬᠡᠨ᠎ᠡ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ | ᠶᠠᠪᠤᠬᠤ ᠳᠤᠳᠤᠮ ᠲᠣᠮᠣ ᠨᠡᠭᠡᠭᠡᠭᠳᠡᠵᠦ᠂ ᠣᠷᠴᠢᠨ ᠲᠣᠭᠤᠷᠢᠨ ᠶᠠᠪᠤᠬᠤ ᠳᠤᠳᠤᠮ ᠰᠠᠶᠢᠵᠢᠷᠠᠵᠤ᠂ ᠦᠢᠯᠡᠴᠢᠯᠡᠭᠡ ᠶᠠᠪᠤᠬᠤ | ᠳᠤᠳᠤᠮ ᠰᠢᠯᠢᠳᠡᠭᠵᠢᠨ᠎ᠡ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ ᠪᠡᠯᠡ ᠣᠷᠣᠭᠤᠯᠵᠤ ᠦᠢᠯᠡᠰ ᠪᠣᠰᠬᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢ ᠭᠠᠳᠠᠭᠠᠳᠤ ᠶᠠᠪᠤᠳᠠᠯ ᠤᠨ ᠶᠠᠮᠤᠨ ᠤ | ᠰᠠᠶᠢᠳ ᠴᠢᠨ ᠭᠠᠩ ᠲᠦᠷᠦᠭᠦᠦ ᠬᠡᠳᠦᠨ ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠶᠢᠯᠠᠨ | ᠥᠭᠦᠯᠡᠵᠡᠢ᠂ ᠪᠢ ᠲᠠᠭᠢᠵᠤ ᠨᠣᠷᠱᠣᠬᠤ ᠦᠭᠡᠢ᠃ ᠣᠳᠣᠬᠠᠨ ᠤ ᠴᠢᠬᠤᠯᠠ ᠶᠠᠪᠤᠳᠠᠯ ᠪᠣᠯ ᠰᠢ ᠶᠢᠨ ᠫᠢᠩ ᠲᠡᠷᠢᠭᠦᠯᠡᠭᠴᠢ | ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ ᠠᠭᠤᠯᠵᠠᠯᠲᠠ ᠬᠢᠬᠦ ᠦᠶ᠎ᠡ ᠳᠤ ᠲᠣᠬᠢᠷᠠᠯᠴᠠᠭᠰᠠᠨ | ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭᠠᠨ | ᠬᠤᠪᠢᠷᠠᠭᠤᠯᠬᠤ ᠶᠠᠪᠤᠳᠠᠯ ᠪᠣᠯᠣᠨ᠎ᠠ᠃ | ᠮᠢᠨᠤ ᠮᠡᠳᠡᠭᠦ ᠪᠠᠷ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ ᠬᠤᠶᠠᠷ | ᠤᠯᠤᠰ ᠤᠨ ︽ᠬᠠᠷᠢᠴᠠᠭ᠎ᠠ ᠪᠠᠨ ᠲᠠᠰᠤᠯᠬᠤ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ᠂ ᠵᠠᠷᠢᠮ ᠳᠠᠭᠠᠨ ᠪᠠᠰᠠ | ᠮᠠᠰᠢ ᠶᠡᠭᠡ ᠬᠠᠯᠠᠮᠰᠢᠯ ᠪᠤᠯᠳᠠᠭ ᠪᠠᠶᠢᠨ᠎ᠠ᠂ ᠭᠡᠪᠡᠴᠦ ᠴᠣᠬᠤᠮ ᠬᠡᠳᠦᠢ ᠬᠥᠮᠥᠨ ᠡᠶᠢᠮᠦᠷᠬᠦ ᠬᠥᠭᠡᠷᠭᠡᠳᠡᠯ ᠠᠴᠠ ᠦᠨᠡᠨ ᠬᠦ | ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ᠂ | ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ᠂ | ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠬᠡᠨ ᠠᠯᠢᠨ | ᠠᠴᠠ ᠪᠠᠨ ᠰᠠᠯᠵᠤ ᠴᠢᠳᠠᠬᠤ ᠦᠭᠡᠢ᠂ ᠬᠠᠷᠢᠯᠴᠠᠨ ᠪᠦᠷ ᠨᠦᠭᠦᠭᠡ ᠡᠲᠡᠭᠡᠳ ᠤᠨ ᠢᠶᠠᠨ ᠬᠥᠭᠵᠢᠯᠲᠡ ᠠᠴᠠ ᠠᠰᠢᠭ | ᠬᠦᠷᠲᠡᠵᠦ ᠪᠤᠢ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ ᠠᠵᠢᠯᠯᠠᠵᠤ᠂ ᠠᠮᠧᠷᠢᠺᠠ ᠶᠢᠨ ᠪᠡᠯᠡ ᠶᠢ ᠪᠠᠭᠲᠠᠭᠠᠭᠰᠠᠨ | ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ | ᠤᠴᠠᠷᠠᠭᠰᠠᠨ ᠶᠤᠮ᠂ ᠲᠡᠳᠡ ᠪᠦᠷ ᠨᠠᠳᠠ ᠳᠤ ᠱᠠᠩᠬᠠᠢ ᠶᠢ ᠲᠣᠭᠤᠵᠤ᠂ ᠳᠤᠮᠳᠠᠳᠤ ᠤᠯᠤᠰ ᠢ ᠲᠣᠭᠤᠵᠤ᠂ ᠬᠠᠮᠲᠤᠷᠠᠯᠴᠠᠭ᠎ᠠ | ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ ᠶᠢ ᠬᠦᠰᠡᠵᠦ ᠪᠠᠶᠢᠨ᠎ᠠ ᠭᠡᠵᠦ ᠬᠡᠯᠡᠪᠡ᠃ ᠡᠳᠡᠭᠡᠷ ᠨᠢ ᠴᠥᠮ ᠳᠤᠮᠳᠠᠳᠤ | ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ ᠭᠡᠳᠡᠭ ᠢ ᠬᠠᠷᠠᠭᠤᠯᠵᠤ ᠪᠠᠶᠢᠨ᠎ᠠ | ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ᠃ ᠪᠦᠰᠡᠯᠡᠯᠲᠡ᠂ ᠳᠠᠷᠤᠯᠲᠠ ᠨᠢ ᠬᠡᠨ ᠳᠤ ᠴᠦ | ᠠᠰᠢᠭ ᠦᠭᠡᠢ ᠶᠤᠮ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠬᠠᠲᠠᠭᠤ | ᠪᠡᠷᠬᠡ ᠬᠦᠨᠳᠦ ᠨᠦᠰᠡᠷ ᠡᠭᠦᠷᠭᠡ ᠳᠤ ᠲᠤᠯᠭᠠᠷᠠᠵᠤ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ ᠡᠷᠡᠮᠡᠯᠵᠡᠯ | ᠲᠠᠯᠪᠢᠵᠤ ᠪᠠᠶᠢᠨ᠎ᠠ᠂ ᠡᠨᠡ ᠨᠢ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ᠂ ᠠᠵᠢᠯ | ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠤᠶ︖ | ᠯᠢ ᠴᠢᠶᠠᠩ᠄ ᠲᠠᠨ ᠤ ᠬᠡᠯᠡᠭᠰᠡᠨ ᠰᠢᠭ ᠢᠶᠠᠷ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ ᠰᠢᠨ᠎ᠡ | ᠱᠠᠭᠠᠷᠳᠠᠯᠭ᠎ᠠ ᠳᠤᠷᠠᠳᠴᠠᠢ᠃ ᠪᠢᠳᠡ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ | ᠥᠭᠡᠷᠡᠴᠢᠯᠡᠯᠲᠡ ᠪᠠᠷ ᠲᠣᠭᠢᠶᠠᠯ ᠪᠣᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ | ᠴᠢᠩᠭᠠᠳᠬᠠᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠦᠷ᠎ᠡ ᠪᠦᠲᠦᠮᠵᠢ ᠪᠠᠨ | ᠳᠡᠭᠡᠭᠰᠢᠯᠡᠭᠦᠯᠵᠦ᠂ ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠳᠥᠷᠪᠡᠨ ᠵᠦᠢᠯ ᠤᠨ ᠠᠵᠢᠯ ᠢ | ᠲᠣᠪᠣᠶᠢᠮ᠎ᠠ ᠠᠳᠬᠤᠨ᠎ᠠ᠄ | ᠨᠢᠭᠡ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠣᠶᠢᠷ᠎ᠠ ᠳᠤ ᠨᠠᠮ ᠤᠨ ᠲᠥᠪ | ᠬᠤᠷᠢᠶ᠎ᠠ ᠠᠴᠠ ᠨᠢᠭᠡᠨᠲᠡ ᠲᠣᠳᠣᠷᠬᠠᠢ ᠱᠠᠭᠠᠷᠳᠠᠯᠭ᠎ᠠ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠯᠡᠨ | ᠨᠠᠷᠢᠨ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ ᠪᠢ ᠤᠷᠲᠤ ᠬᠤᠭᠤᠴᠠᠭ᠎ᠠ ᠪᠠᠷ ᠣᠷᠣᠨ | ᠨᠤᠲᠤᠭ ᠲᠤ ᠠᠵᠢᠯᠯᠠᠵᠤ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ᠄ ᠠᠯᠪᠠᠨ ᠭᠡᠷ ᠲᠤ ᠰᠠᠭᠤᠪᠠᠯ ᠲᠤᠯᠭᠠᠷᠠᠬᠤ ᠨᠢ | ᠴᠥᠮ ᠠᠰᠠᠭᠤᠳᠠᠯ ᠪᠠᠶᠢᠳᠠᠭ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ ᠠᠯᠢ ᠤᠯᠠᠨ ᠠᠷᠭ᠎ᠠ ᠣᠯᠳᠠᠳᠠᠭ᠃ ᠮᠡᠷᠭᠡᠳ | ᠠᠷᠠᠳ ᠤᠨ ᠳᠤᠮᠳᠠ ᠪᠠᠶᠢᠳᠠᠭ᠃ ᠪᠢᠳᠡ ᠡᠯ᠎ᠡ ᠱᠠᠲᠤᠨ ᠤ ᠺᠠᠳ᠋ᠷᠴᠤᠳ ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ | ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠵᠤ᠂ | ᠠᠷᠠᠳ ᠤᠯᠠᠨ ᠠᠴᠠ ᠰᠤᠷᠤᠯᠴᠠᠵᠤ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ | ᠰᠢᠢᠳᠪᠦᠷᠢᠯᠡᠵᠦ ᠥᠭᠭᠦ ᠬᠡᠷᠡᠭᠲᠡᠢ᠃ ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ ᠪᠠᠶᠢᠭ᠎ᠠ | ᠵᠠᠯᠠᠭᠤ ᠨᠥᠬᠦᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠰᠡᠳᠬᠢᠯ ᠬᠤᠯᠪᠣᠨ᠂ ᠤᠯᠠᠨ | ᠲᠦᠮᠡᠨ ᠲᠠᠢ ᠨᠡᠩ ᠣᠶᠢᠷᠠᠲᠤᠭᠰᠠᠨ ᠪᠠᠶᠢᠬᠤ ᠬᠡᠷᠡᠭᠲᠡᠢ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ | ᠣᠷᠳᠣᠨ ᠤ ᠠᠵᠢᠯ ᠢ ᠡᠷᠬᠡᠪᠰᠢ ᠬᠠᠤᠯᠢ ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ᠂ ᠠᠯᠢᠪᠠ ᠵᠠᠰᠠᠭ | ᠵᠠᠬᠢᠷᠭᠠᠨ ᠤ ᠠᠵᠢᠯᠯᠠᠭ᠎ᠠ ᠶᠢ ᠴᠥᠮ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ ᠬᠡᠷᠡᠭᠲᠡᠢ᠃ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ | ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠭᠤᠷᠪᠠ ᠳᠤ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ | ᠵᠠᠰᠠᠭ ᠤᠨ ᠣᠷᠳᠣᠨ ᠤ ᠰᠠᠯᠠᠭ᠎ᠠ ᠮᠥᠴᠢᠷ ᠪᠠ ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ᠂ ᠬᠥᠭᠵᠢᠯᠲᠡ ᠶᠢᠨ | ᠤᠬᠠᠮᠰᠠᠷ ᠲᠠᠢ ᠪᠠᠶᠢᠬᠤ ᠬᠡᠷᠡᠭᠲᠡᠢ᠂ ᠢᠯᠠᠩᠭᠤᠶ᠎ᠠ ᠬᠢᠨᠠᠨ ᠵᠥᠪᠰᠢᠶᠡᠷᠡᠬᠦ᠂ ᠬᠠᠮᠢᠶᠠᠷᠬᠤ ᠡᠭᠦᠷᠭᠡ ᠴᠢᠳᠠᠪᠤᠷᠢ ᠪᠠᠨ | ᠭᠦᠢᠴᠡᠳᠬᠡᠬᠦ ᠦᠶ᠎ᠡ ᠳᠤ ᠲᠣᠷᠣᠮᠰᠤᠯᠠᠭᠤᠷ ᠢ ᠯᠠ ᠭᠢᠰᠬᠢᠭᠡᠳ᠂ ᠲᠣᠰᠣ ᠨᠡᠮᠡᠭᠦ ᠪᠠᠨ ᠮᠠᠷᠲᠠᠵᠤ ᠪᠤᠯᠬᠤ ᠦᠭᠡᠢ︔ | ᠵᠦᠪᠭᠡᠨ ᠵᠠᠮ ᠤᠨ ᠬᠤᠷᠢᠭ᠎ᠠ ᠯᠡ ᠭᠠᠷᠭᠠᠵᠤ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ ᠪᠤᠯᠬᠤ ᠦᠭᠡᠢ︔ ᠠᠯᠢᠪᠠ | ᠶᠠᠪᠤᠳᠠᠯ ᠳᠤ ︽ᠬᠢᠪᠡᠯ ᠵᠣᠬᠢᠬᠤ ᠡᠰᠡᠬᠦ︾ ᠶᠢᠨ ᠦᠷᠳᠡᠭ ᠤᠨ ᠮᠠᠭᠠᠳᠯᠠᠯᠲᠠ ᠶᠢ ᠢᠯᠡᠭᠦᠬᠡᠨ ᠬᠢᠬᠦ ᠬᠡᠷᠡᠭᠲᠡᠢ᠂ ᠵᠥᠪᠭᠡᠨ | ᠳᠥᠭᠦᠮᠬᠡᠨ ᠢᠶᠠᠷ ︽ᠬᠢᠵᠦ ᠪᠤᠯᠬᠤ ᠡᠰᠡᠬᠦ︾ ᠶᠢᠨ ᠮᠡᠷᠭᠡᠵᠢᠯ ᠤᠨ ᠮᠠᠭᠠᠳᠯᠠᠯᠲᠠ ᠬᠢᠵᠦ ᠪᠤᠯᠬᠤ ᠦᠭᠡᠢ᠃ ᠠᠯᠢᠪᠠ | ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠵᠢᠩᠬᠢᠨᠢ ᠪᠦᠲᠦᠭᠡᠯᠴᠢ ᠴᠢᠳᠠᠪᠤᠷᠢ ᠲᠠᠢ ᠭᠦᠢᠴᠡᠳᠭᠡᠭᠴᠢ | ᠪᠤᠯᠬᠤ ᠬᠡᠷᠡᠭᠲᠡᠢ᠃ | ᠳᠥᠷᠪᠡ ᠳᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠢᠳᠡ ᠢᠮᠠᠭᠲᠠ ᠴᠢᠩᠭ᠎ᠠ | ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠶᠢᠲᠤᠷ | ᠠᠳᠬᠤᠵᠤ᠂ ᠠᠯᠢᠪᠠ ᠢᠯᠵᠢᠷᠡᠯ ᠤᠨ ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ ᠦᠭᠡᠢ᠃ ᠵᠠᠰᠠᠭ ᠤᠨ ᠣᠷᠳᠣᠨ ᠤ | ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠦᠨᠡᠨᠴᠢ ᠰᠢᠳᠤᠷᠭᠤ᠂ ᠴᠡᠪᠡᠷ ᠴᠢᠬᠡᠴᠢ᠂ | ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ | ᠠᠯᠲᠠᠨ ᠥᠩᠭᠡᠲᠦ ᠣᠷᠳᠣᠨ ᠳᠤ 80 ᠮᠢᠨᠦ᠋ᠲ ᠶᠠᠪᠤᠭᠳᠠᠵᠤ᠂ ᠳᠣᠲᠣᠭᠠᠳᠤ ᠭᠠᠳᠠᠭᠠᠳᠤ ᠶᠢᠨ 500 ᠭᠠᠷᠤᠢ | ᠰᠤᠷᠪᠤᠯᠵᠢᠯᠠᠬᠴᠢ ᠣᠷᠣᠯᠴᠠᠵᠠᠢ᠃ |