3 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠥᠷᠥ ᠶᠢᠨ ᠭᠡᠰᠢᠭᠦᠨ ᠴᠧᠨ ᠽᠠᠢ ᠯᠢᠨ 2023 ᠣᠨ ᠤ ᠬᠠᠪᠤᠷ ᠤᠨ | ᠤᠯᠠᠷᠢᠯ ᠤᠨ ᠴᠡᠷᠢᠭ ᠲᠣᠭᠲᠠᠭᠠᠬᠤ ᠬᠢᠨᠠᠨ ᠵᠥᠪᠰᠢᠶᠡᠷᠡᠬᠦ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ | ᠬᠤᠰᠢᠭᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ ᠠᠯᠪᠠᠨ ᠭᠡᠷ ᠤᠨ ᠡᠷᠬᠢᠯᠡᠭᠴᠢ᠂ ᠠᠷᠠᠳ ᠤᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠵᠢᠶᠦ᠋ᠨ᠂ ᠳᠡᠳ᠋ ᠬᠤᠰᠢᠭᠤ ᠳᠠᠷᠤᠭ᠎ᠠ ᠰᠡᠴᠡᠨ ᠪᠣᠯᠣᠨ ᠬᠤᠰᠢᠭᠤ | ᠴᠡᠷᠢᠭ ᠡᠯᠰᠡᠬᠦ ᠤᠳᠤᠷᠢᠳᠬᠤ ᠳᠤᠭᠤᠶᠢᠯᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤ ᠶᠢᠨ | ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠵᠠᠩ ᠵᠢᠶᠦ᠋ᠨ 2023 ᠣᠨ ᠤ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠢ | ᠥᠷᠨᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠬᠤᠷᠠᠯ ᠠᠴᠠ ᠠᠷᠢᠭᠤᠨ ᠴᠢᠭᠡᠴᠢ ᠪᠠᠷ ᠴᠡᠷᠢᠭ ᠡᠯᠰᠡᠬᠦ ᠳᠦᠷᠢᠮ | ᠲᠣᠭᠲᠠᠭᠠᠯ ᠪᠠ ᠴᠡᠷᠢᠭ ᠲᠣᠭᠲᠠᠭᠠᠬᠤ ᠬᠢᠨᠠᠨ ᠵᠥᠪᠰᠢᠶᠡᠷᠡᠬᠦ ᠬᠠᠮᠢᠶ᠎ᠠ ᠪᠥᠬᠦᠢ ᠲᠣᠭᠲᠠᠭᠠᠯ ᠢ ᠰᠤᠷᠤᠯᠴᠠᠵᠤ᠂ ᠴᠡᠷᠢᠭ | ᠲᠣᠭᠲᠠᠭᠠᠬᠤ ᠲᠥᠰᠦᠯ ᠢ ᠬᠢᠨᠠᠨ ᠪᠠᠲᠤᠯᠠᠵᠤ᠂ ᠪᠡᠶ᠎ᠡ ᠶᠢᠨ ᠪᠠᠶᠢᠴᠠᠭᠠᠯᠲᠠ᠂ ᠤᠯᠤᠰ ᠲᠦᠷᠦ ᠶᠢᠨ ᠰᠢᠯᠭᠠᠯᠲᠠ ᠪᠠ | ᠰᠤᠷᠤᠯᠭ᠎ᠠ ᠶᠢᠨ ᠨᠠᠮᠲᠠᠷ ᠢ ᠬᠢᠨᠠᠨ ᠪᠠᠶᠢᠴᠠᠭᠠᠬᠤ ᠬᠠᠷᠢᠭᠤᠴᠠᠯᠭᠠᠲᠠᠨ ᠠᠴᠠ ᠬᠢᠨᠠᠨ ᠪᠠᠶᠢᠴᠠᠭᠠᠭᠰᠠᠨ ᠪᠠᠶᠢᠳᠠᠯ ᠢᠶᠠᠨ | ᠲᠤᠰ ᠲᠤᠰ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠠᠴᠠ ᠴᠡᠷᠢᠭ ᠲᠣᠭᠲᠠᠭᠠᠬᠤ ᠪᠠ ᠠᠬᠢᠨ ᠨᠦᠬᠦᠬᠦ | ᠬᠥᠮᠦᠰ ᠤᠨ ᠳᠡᠰ ᠳᠠᠷᠠᠭᠠᠯᠠᠯ ᠢ ᠬᠢᠨᠠᠨ ᠪᠠᠲᠤᠯᠠᠪᠠ᠃ | ᠬᠤᠷᠠᠯ ᠠᠴᠠ ᠴᠢᠬᠤᠯᠠᠴᠢᠯᠠᠬᠤ ᠳᠠᠭᠠᠨ᠂ ᠡᠨᠡ ᠵᠢᠯ ᠤᠨ ᠴᠡᠷᠢᠭ ᠡᠯᠰᠡᠬᠦ ᠠᠵᠢᠯ ᠨᠢ ᠬᠤᠰᠢᠭᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠡᠯ᠎ᠡ ᠱᠠᠲᠤ ᠡᠯ᠎ᠡ ᠰᠠᠯᠠᠭ᠎ᠠ | ᠮᠥᠴᠢᠷ ᠤᠨ ᠨᠢᠭᠲᠠ ᠬᠠᠮᠵᠢᠯᠴᠠᠭ᠎ᠠ ᠪᠠᠷ᠂ ᠴᠡᠷᠢᠭ ᠲᠤ ᠡᠯᠰᠡᠭᠳᠡᠬᠦ ᠵᠠᠯᠠᠭᠤᠴᠣᠳ ᠤᠨ ᠪᠡᠶ᠎ᠡ ᠶᠢᠨ ᠪᠠᠶᠢᠴᠠᠭᠠᠯᠲᠠ᠂ | ᠤᠯᠤᠰ ᠲᠦᠷᠦ ᠶᠢᠨ ᠬᠢᠨᠠᠨ ᠰᠢᠯᠭᠠᠯᠲᠠ ᠵᠡᠷᠭᠡ ᠡᠯ᠎ᠡ ᠲᠥᠷᠥᠯ ᠤᠨ ᠪᠡᠯᠡᠳᠬᠡᠯ ᠠᠵᠢᠯ ᠢ ᠠᠮᠵᠢᠯᠲᠠ ᠲᠠᠢ | ᠪᠡᠶᠡᠯᠡᠭᠦᠯᠵᠦ᠂ ᠡᠨᠡ ᠵᠢᠯ ᠤᠨ ᠴᠡᠷᠢᠭ ᠡᠯᠰᠡᠬᠦ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠬᠦ ᠳᠤ ᠪᠠᠲᠤ | ᠪᠠᠬᠢ ᠰᠠᠭᠤᠷᠢ ᠲᠠᠯᠪᠢᠭᠰᠠᠨ ᠪᠠᠶᠢᠨ᠎ᠠ᠃ ᠡᠮᠬᠢᠯᠡᠨ ᠳ᠋ᠦᠩᠨᠡᠬᠦ ᠠᠵᠢᠯ ᠢ ᠬᠢᠨᠠᠮᠠᠭᠠᠢ ᠰᠠᠶᠢᠳᠣᠷ ᠬᠢᠵᠦ᠂ ᠰᠠᠶᠢᠨ | ᠲᠤᠷᠰᠢᠯᠭ᠎ᠠ ᠪᠤᠯᠤᠨ ᠠᠷᠭ᠎ᠠ ᠬᠢᠳᠡᠯ ᠢᠶᠠᠨ ᠳ᠋ᠦᠩᠨᠡᠨ᠂ ᠠᠰᠠᠭᠤᠳᠠᠯ ᠬᠢᠭᠡᠳ ᠬᠦᠷᠦᠯᠴᠡᠬᠦ ᠥᠬᠡᠢ ᠲᠠᠯ᠎ᠠ ᠶᠢ | ᠰᠢᠢᠳᠪᠦᠷᠢᠯᠡᠵᠦ᠂ ᠳᠠᠷᠠᠭ᠎ᠠ ᠵᠢᠯ ᠤᠨ ᠴᠡᠷᠢᠭ ᠡᠯᠰᠡᠬᠦ ᠠᠵᠢᠯ ᠳᠤ ᠰᠠᠶᠢᠳᠣᠷ ᠰᠠᠭᠤᠷᠢ ᠲᠠᠯᠪᠢᠬᠤ ᠬᠡᠷᠡᠭᠲᠡᠢ᠃ ᠡᠯ᠎ᠡ | ᠵᠦᠢᠯ ᠤᠨ ᠠᠵᠢᠯ ᠤᠨ ᠳᠡᠰ ᠳᠠᠷᠠᠭᠠᠯᠠᠯ ᠢ ᠵᠣᠬᠢᠶᠠᠨ ᠪᠠᠶᠢᠭᠤᠯᠤᠨ ᠰᠠᠶᠢᠳᠣᠷ ᠠᠳᠬᠤᠵᠤ᠂ ᠴᠡᠷᠢᠭ ᠲᠣᠭᠲᠠᠭᠠᠨ | ᠢᠯᠡ ᠨᠡᠶᠢᠲᠡᠯᠡᠬᠦ᠂ ᠴᠡᠷᠢᠭ ᠲᠣᠭᠲᠠᠭᠠᠨ ᠬᠠᠮᠢᠶᠠᠷᠬᠤ ᠪᠠ ᠴᠡᠷᠢᠭ ᠲᠤᠰᠢᠶᠠᠬᠤ᠂ ᠬᠦᠯᠢᠶᠡᠨ ᠠᠪᠴᠤ ᠬᠦᠷᠭᠡᠬᠦ ᠵᠡᠷᠭᠡ | ᠡᠯ᠎ᠡ ᠵᠦᠢᠯ ᠤᠨ ᠠᠵᠢᠯ ᠤᠨ ᠴᠢᠨᠠᠷ ᠴᠢᠨᠰᠠᠭ᠎ᠠ ᠪᠤᠯᠤᠨ ᠲᠤᠭ᠎ᠠ ᠬᠡᠮᠵᠢᠶ᠎ᠡ ᠶᠢ ᠰᠠᠶᠢᠳᠣᠷ ᠪᠠᠲᠤᠯᠠᠬᠤ ᠬᠡᠷᠡᠭᠲᠡᠢ᠃ | ᠴᠡᠷᠢᠭ ᠤᠨ ᠠᠯᠪᠠ ᠬᠠᠭᠠᠭᠴᠢ ᠶᠢᠨ ᠬᠠᠷᠢᠭᠤ ᠰᠣᠷᠪᠣᠯᠵᠢᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ | ᠴᠡᠷᠢᠭ ᠡᠯᠰᠡᠭᠰᠡᠨ ᠤ ᠳᠠᠷᠠᠭᠠᠬᠢ ᠬᠠᠮᠢᠶᠠᠷᠤᠯᠲᠠ ᠶᠢ ᠴᠢᠩᠭᠠᠳᠬᠠᠬᠤ ᠶᠢᠨ ᠬᠠᠮᠲᠤ ᠠᠵᠢᠯ ᠤᠨ ᠰᠤᠷᠲᠠᠯ ᠢᠶᠠᠨ | ᠰᠠᠶᠢᠵᠢᠷᠠᠭᠤᠯᠵᠦ᠂ ᠣᠯᠠᠨ ᠲᠦᠮᠡᠨ ᠲᠠᠢᠨᠢᠭᠲᠠ ᠬᠠᠷᠢᠯᠴᠠᠵᠤ᠂ ᠲᠥᠪ ᠴᠢᠬᠡᠴᠢ ᠰᠤᠷᠲᠠᠯ ᠲᠠᠢ ᠴᠡᠷᠢᠭ ᠡᠯᠰᠡᠬᠦ | ᠣᠷᠴᠢᠨ ᠲᠤᠭᠤᠷᠢᠨ ᠢ ᠪᠣᠢ ᠪᠣᠯᠭᠠᠵᠤ᠂ ᠲᠤᠰ ᠵᠢᠯ ᠤᠨᠴᠡᠷᠢᠭ ᠡᠯᠰᠡᠬᠦ ᠠᠵᠢᠯ ᠢ ᠲᠡᠭᠦᠰ ᠠᠮᠵᠢᠯᠲᠠᠲᠠᠢ | ᠪᠠᠶᠡᠯᠡᠭᠦᠯᠬᠦ ᠶᠢ ᠲᠦᠯᠬᠢᠨᠠᠬᠢᠭᠤᠯᠬᠤ ᠬᠡᠷᠡᠭᠲᠡᠢ ᠭᠡᠵᠡᠢ᠃ |