ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2023 ᠤᠨ ᠤ ᠪᠦᠬᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
      3 ᠰᠠᠷ᠎ᠠ ᠶᠢᠨ 10 ᠤ ᠡᠳᠦᠷ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2023 ᠤᠨ ᠤ ᠪᠦᠬᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯᠳᠤᠭᠠᠨ ᠬᠤᠷᠠᠯᠳᠤᠵᠤ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠾᠥᠸᠧ ᠶᠢᠨ ᠪᠢᠩ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠠᠮᠠᠰ᠂ ᠬᠤᠰᠢᠭᠤ ᠠᠷᠠᠳ‌‍ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠤᠤ ᠸᠠᠨ ᠬᠤᠸᠠ᠂ ᠯᠢᠦ ᠶᠠᠨ᠂ ᠰᠠᠷᠠᠨᠰᠦ᠋ᠬᠡ ᠬᠤᠷᠠᠯ ᠳᠤ ᠤᠷᠤᠯᠴᠠᠨ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠬᠠᠢ ᠪᠤᠤ ᠬᠤᠷᠠᠯ ᠢ ᠡᠷᠬᠢᠯᠡᠵᠡᠢ᠃      ᠬᠤᠷᠠᠯ ᠳᠡᠭᠡᠷ᠎ᠡ᠂ ᠤᠯᠢᠶᠠᠰᠤᠲᠠᠢ ᠪᠠᠯᠭᠠᠰᠤ᠂ ᠳᠠᠭᠤᠳᠤᠨᠠᠭᠤᠷ ᠪᠠᠯᠭᠠᠰᠤ᠂ ᠡᠵᠢᠨᠠᠭᠤᠷ ᠪᠠᠯᠭᠠᠰᠤ ᠠᠴᠠ ᠲᠤᠰ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠦᠷᠨᠢᠭᠦᠯᠦᠭᠰᠡᠨ ᠪᠠᠶᠢᠳᠠᠯ ᠳᠤ ᠰᠠᠨᠠᠯ ᠢᠶᠠᠨ ᠰᠤᠯᠢᠯᠴᠠᠨ ᠶᠠᠷᠢᠶ᠎ᠠ ᠲᠠᠯᠪᠢᠵᠠᠢ᠃      ᠰᠠᠷᠠᠨᠰᠦ᠋ᠬᠡ ᠠᠴᠠ 2023 ᠤᠨ ᠤ ᠪᠦᠬᠦ ᠬᠤᠰᠢᠭᠤᠨ ᠤ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃      ᠪᠠᠭᠠᠳᠤᠷ ᠬᠤᠷᠠᠯ ᠳᠤ ᠶᠠᠷᠢᠶ᠎ᠠ ᠲᠠᠯᠪᠢᠵᠤ ᠵᠢᠭᠠᠬᠤ ᠳᠠᠭᠠᠨ᠂ ᠦᠩᠭᠡᠷᠡᠭᠰᠡᠨ ᠨᠢᠭᠡ ᠵᠢᠯ ᠳᠤ᠂ ᠮᠠᠨ ᠤ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠪᠦᠬᠦ ᠬᠤᠰᠢᠭᠤᠨ ᠤ ᠠᠵᠢᠯ ᠤᠨ ᠶᠡᠭᠡ ᠲᠠᠯ᠎ᠠ  ᠶᠢᠨ ᠲᠤᠭᠤᠷᠢᠨ ᠳᠤ᠂ ᠬᠠᠤᠯᠢ ᠪᠠᠷ ᠡᠭᠦᠷᠭᠡ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠶᠡᠭᠡ ᠬᠡᠮᠵᠢᠶᠠᠨ ᠤ ᠮᠡᠳᠡᠭᠳᠡᠮ᠎ᠡ ᠦᠷ᠎ᠡ ᠪᠦᠲᠦᠮᠵᠢ ᠲᠠᠢ ᠠᠵᠢᠯ ᠢ ᠬᠢᠵᠡᠢ᠃ ᠪᠦᠬᠦ ᠬᠤᠰᠢᠭᠤᠨ ᠤ ᠡᠯ᠎ᠡ ᠱᠠᠲᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠤᠯᠤᠰ ᠲᠦᠷᠦ ᠶᠢᠨ ᠵᠤᠭᠰᠤᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭᠠᠳᠤ ᠰᠡᠳᠬᠢᠯᠭᠡ ᠪᠠ ᠡᠭᠦᠷᠭᠡᠳᠤ ᠰᠡᠳᠬᠢᠯᠭᠡ ᠪᠠᠨ ᠦᠨᠡᠨᠬᠦ ᠨᠡᠮᠡᠭᠳᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠠ ᠲᠦᠪ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤ ᠨᠠᠮ ᠤᠨ ᠬᠤᠷᠢᠶᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠬᠠᠷᠠᠯᠲᠠ ᠪᠠᠨ ᠲᠤᠭᠲᠠᠭᠠᠨ᠂ ᠭᠤᠤᠯᠳᠠᠯᠭ᠎ᠠ ᠪᠠᠨ ᠳᠤᠪᠤᠶᠢᠯᠭᠠᠵᠤ᠂ ᠰᠤᠷᠤᠯᠴᠠᠭᠰᠠᠨ ᠦᠷ᠎ᠡ ᠪᠦᠲᠦᠮᠵᠢ ᠪᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠰᠠᠶᠢᠲᠠᠢ ᠬᠦᠭᠵᠢᠯᠲᠡ ᠶᠢ ᠦᠨᠡᠨᠬᠦ ᠲᠦᠯᠬᠢᠨ ᠠᠬᠢᠭᠤᠯᠬᠤ ᠪᠤᠳᠠᠳᠤ ᠦᠷ᠎ᠡ ᠪᠦᠲᠦᠮᠵᠢ ᠪᠤᠯᠭᠠᠬᠤ ᠬᠡᠷᠡᠭᠲᠡᠢ ᠭᠡᠪᠡ᠃      ᠪᠠᠭᠠᠲᠤᠷ ᠴᠢᠬᠤᠯᠠᠴᠢᠯᠠᠬᠤ ᠳᠠᠭᠠᠨ᠂ ᠡᠭᠦᠷᠭᠡ ᠬᠠᠷᠠᠯᠲᠠ ᠪᠠᠨ ᠡᠷᠬᠡᠪᠰᠢ ᠲᠤᠳᠤᠷᠬᠠᠶᠢᠯᠠᠵᠤ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ︽123456︾ ᠠᠵᠢᠯ ᠤᠨ ᠲᠤᠭᠲᠠᠴᠠ ᠪᠠ ᠲᠦᠯᠦᠭᠡᠯᠡᠭᠴᠢᠳ ᠤᠨ ᠳᠤᠭᠤᠶᠢᠯᠠᠩ ᠤᠨ ︽4115︾ ᠠᠵᠢᠯ ᠤᠨ ᠲᠤᠭᠲᠠᠴᠠ ᠶᠢ ᠦᠷᠭᠦᠯᠵᠢᠯᠡᠨ ᠳᠤᠭᠤᠰᠢᠯᠠᠭᠤᠯᠵᠤ᠂ ᠲᠦᠯᠦᠭᠡᠯᠡᠭᠴᠢᠳ ᠤᠨ ᠳᠤᠭᠤᠶᠢᠯᠠᠩ ᠤᠨ ᠠᠵᠢᠯᠯᠠᠭᠠᠨ ᠤ ᠦᠷ᠎ᠡ ᠪᠦᠲᠦᠮᠵᠢ ᠪᠤᠯᠤᠨ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠢᠮᠵᠢᠭᠰᠡᠨ ᠪᠠᠶᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃  ᠪᠠᠲᠤᠯᠠᠭ᠎ᠠ ᠶᠢᠨ ᠬᠦᠴᠦᠯᠡᠴᠡ ᠪᠠᠨ ᠡᠷᠬᠡᠪᠰᠢ ᠴᠢᠩᠭᠠᠳᠬᠠᠨ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠤᠳᠠᠳᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠰᠤᠮᠤ ᠪᠠᠯᠭᠠᠰᠤᠨ ᠤ ᠨᠠᠮ ᠤᠨ ᠬᠤᠷᠢᠶ᠎ᠠ  ᠨᠢ ᠬᠤᠰᠢᠭᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠬᠤᠯᠠ ᠬᠡᠷᠡᠭ ᠢ ᠵᠦᠪᠯᠡᠬᠦ ᠳᠠᠷᠠᠭᠠᠯᠠᠯ ᠳᠤ  ᠤᠷᠤᠭᠤᠯᠬᠤ ᠂ ᠠᠵᠢᠯ ᠤᠨ ᠪᠦᠬᠦ ᠲᠠᠯ᠎ᠠ ᠶᠢ ᠲᠦᠰᠦᠪᠯᠡᠬᠦ᠂ ᠪᠠᠶᠢᠷᠢᠯᠠᠭᠤᠯᠬᠤ᠂ ᠬᠢᠨᠠᠨ ᠵᠢᠯᠤᠭᠤᠳᠬᠤ ᠳᠤ ᠤᠷᠤᠭᠤᠯᠬᠤ ᠶᠢ ᠪᠠᠷᠢᠮᠲᠠᠯᠠᠬᠤ ᠬᠡᠷᠡᠭᠲᠡᠢ᠃ ᠰᠤᠮᠤ ᠪᠠᠯᠭᠠᠰᠤᠨ ᠤ ᠵᠠᠰᠠᠭ ᠤᠨ ᠤᠷᠳᠤᠨ ᠨᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠦᠷᠦᠯ ᠤᠨ ᠠᠵᠢᠯ ᠪᠠ ᠲᠦᠯᠦᠭᠡᠯᠡᠭᠴᠢᠳ ᠤᠨ ᠬᠦᠳᠡᠯᠭᠡᠭᠡᠨ ᠢ ᠬᠡᠪ  ᠤᠨ ᠪᠠᠶᠢᠳᠠᠯ ᠲᠠᠢ ᠦᠷᠨᠢᠭᠦᠯᠬᠦ ᠶᠢ ᠪᠠᠲᠤᠯᠠᠬᠤ ᠬᠡᠷᠡᠭᠲᠡᠢ᠃ ᠭᠠᠴᠠᠭ᠎ᠠ᠂ ᠨᠡᠶᠢᠬᠡᠮ ᠲᠤᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ‌ᠨᠢ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠪᠤᠯᠤᠨ ᠲᠦᠯᠦᠭᠡᠯᠡᠭᠴᠢᠳ ᠤᠨ ᠡᠭᠦᠷᠭᠡ ᠪᠠᠨ ᠭᠦᠢᠴᠡᠳᠬᠡᠬᠦ ᠬᠦᠳᠡᠯᠭᠡᠭᠡᠨ ᠢ ᠳᠡᠮᠵᠢᠬᠦ ᠶᠢ ᠴᠢᠬᠤᠯᠠᠴᠢᠯᠠᠬᠤ ᠬᠡᠷᠡᠭᠲᠡᠢ᠃ ᠢᠳᠡᠪᠬᠢᠳᠡᠢ ᠪᠠᠷ ᠡᠭᠦᠷᠭᠡ ᠬᠠᠷᠢᠭᠤᠴᠠᠯᠭ᠎ᠠ  ᠪᠠᠨ ᠭᠦᠢᠴᠡᠳᠬᠡᠵᠦ᠂ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠢ ᠭᠦᠢᠴᠡᠳᠬᠡᠬᠦ ᠬᠦᠴᠦᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠡᠯ᠎ᠡ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠨᠢ ᠠᠵᠢᠯ ᠤᠨ ᠬᠤᠷᠠᠯᠳᠤᠭᠠᠨ ᠤ ᠵᠤᠷᠢᠭ ᠰᠠᠨᠠᠭ᠎ᠠ ᠶᠢ ᠴᠠᠭ ᠲᠤᠬᠠᠢ ᠳᠤᠨᠢ ᠰᠤᠷᠤᠯᠴᠠᠨ ᠳᠤᠭᠤᠰᠢᠯᠠᠭᠤᠯᠵᠤ᠂ ᠠᠵᠢᠯ ᠤᠨ ᠰᠢᠪᠲᠤᠯᠤᠯᠲᠠ ᠶᠢᠨ ᠴᠡᠭ ᠪᠠ ᠬᠦᠴᠦᠯᠡᠬᠦ ᠴᠡᠭ ᠢ ᠤᠨᠤᠪᠴᠢᠳᠠᠢ ᠡᠵᠡᠮᠳᠡᠨ᠂ ᠠᠵᠢᠯ ᠤᠨ ᠪᠤᠳᠠᠳᠤ ᠦᠷ᠎ᠡ ᠠᠰᠢᠭ ᠢ ᠨᠡᠮᠡᠭᠳᠡᠭᠦᠯᠵᠦ᠂  ᠭᠦᠢᠴᠡᠳᠬᠡᠬᠦ ᠬᠦᠴᠦᠯᠡᠴᠡ ᠶᠢ ᠳᠡᠭᠡᠭᠰᠢᠯᠡᠭᠦᠯᠵᠦ᠂ ᠬᠤᠷᠠᠯ ᠤᠨ ᠵᠤᠷᠢᠭ ᠰᠠᠨᠠᠭ᠎ᠠ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ᠂ ᠡᠯ᠎ᠡ ᠭᠤᠭᠴᠤᠭ᠎ᠠ ᠳᠤ ᠨᠠᠶᠢᠲᠠᠪᠤᠷᠢᠵᠢᠭᠤᠯᠤᠨ᠂ ᠡᠯ᠎ᠡ ᠲᠦᠷᠦᠯ ᠤᠨ ᠡᠭᠦᠷᠭᠡ ᠶᠢᠨ ᠪᠤᠳᠠᠳᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ 2022 ᠤᠨ ᠤ ᠲᠡᠷᠢᠭᠦᠨ ᠤ ᠨᠢᠭᠡᠴᠡ ᠪᠠ ᠬᠤᠪᠢ ᠬᠦᠮᠦᠨ ᠢ ᠱᠠᠩᠨᠠᠨ ᠬᠦᠬᠢᠭᠦᠯᠵᠡᠢ᠃      ᠬᠤᠰᠢᠭᠤᠨ ᠳᠤ ᠰᠠᠭᠤᠭ᠎ᠠ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠡᠰᠢᠭᠦᠨ᠂ ᠡᠯ᠎ᠡ ᠰᠤᠮᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠳᠠᠨ᠂ ᠡᠯ᠎ᠡ ᠰᠤᠮᠤ ᠪᠠᠯᠭᠠᠰᠤᠨ ᠤ ᠠᠷᠠᠳ‌‍ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ᠂ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ‌‍ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠵᠠᠰᠠᠬᠤ ᠵᠦᠪᠯᠡᠯ᠂ ᠡᠳ᠋ ᠤᠨ ᠵᠠᠰᠠᠭ ᠤᠨ ᠵᠦᠪᠯᠡᠯ ᠤᠨ ᠪᠦᠷᠢᠯᠳᠦᠭᠦᠨ᠂ ᠬᠡᠰᠡᠭ ᠬᠤᠰᠢᠭᠤ ᠠᠷᠠᠳ ᠤᠨ ᠲᠦᠯᠦᠭᠡᠯᠡᠭᠴᠢ᠂ ᠬᠤᠰᠢᠭᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠪᠠᠶᠢᠭᠤᠯᠭ᠎ᠠ ᠶᠢᠨ ᠪᠦᠬᠦ ᠺᠠᠳ᠋ᠷ ᠠᠵᠢᠯᠲᠠᠨ ᠪᠤᠯᠤᠨ ᠡᠯ᠎ᠡ ᠰᠤᠮᠤ ᠪᠠᠯᠭᠠᠰᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠪᠰᠤᠷᠭᠠᠭᠰᠠᠨ ᠠᠵᠢᠯᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号