︽ᠰᠠᠶᠢᠨ ᠳᠤᠷ᠎ᠠ ᠶᠢᠨ ᠦᠢᠯᠡᠴᠢᠯᠡᠭᠡ ᠪᠠᠷ ᠬᠠᠶᠢᠷ᠎ᠠ ᠬᠠᠯᠠᠮᠵᠢ ᠬᠦᠷᠭᠡᠵᠦ ᠪᠤᠯᠪᠠᠰᠤᠨ ᠦᠢᠯᠡᠳᠦᠯᠭᠡ ᠪᠠᠷ ᠰᠢᠨ᠎ᠡ ᠬᠡᠪ ᠰᠤᠷᠲᠠᠯ ᠢ ᠪᠤᠢ ᠪᠤᠯᠭᠠᠬᠤ︾ ᠭᠤᠣᠯ ᠰᠡᠳᠤᠪᠲᠤ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/3/22
      ︽3.8︾ ᠳᠡᠯᠡᠬᠡᠢ ᠶᠢᠨ ᠡᠮᠡᠭᠲᠡᠶᠢᠴᠦᠳ ᠤᠨ ᠪᠠᠶᠠᠷ ᠢ ᠪᠡᠯᠭᠡᠯᠡᠬᠦ ᠳᠠᠰᠢᠷᠠᠮ ᠢᠶᠠᠷ᠂ ᠵᠡᠭᠦᠨ ᠦᠵᠦᠮᠦᠴᠢᠨ ᠬᠤᠰᠢᠭᠤᠨ ᠤ ︽ᠰᠠᠶᠢᠨ ᠳᠤᠷ᠎ᠠ ᠶᠢᠨ ᠦᠢᠯᠡᠴᠢᠯᠡᠭᠡ ᠪᠠᠷ ᠬᠠᠶᠢᠷ᠎ᠠ ᠬᠠᠯᠠᠮᠵᠢ ᠬᠦᠷᠭᠡᠵᠦ ᠪᠤᠯᠪᠠᠰᠤᠨ ᠦᠢᠯᠡᠳᠦᠯᠭᠡ  ᠪᠠᠷ ᠰᠢᠨ᠎ᠡ ᠬᠡᠪ ᠰᠤᠷᠲᠠᠯ ᠢ ᠪᠤᠢ ᠪᠤᠯᠭᠠᠬᠤ︾ ᠭᠤᠣᠯ ᠰᠡᠳᠤᠪᠲᠤ ᠰᠢᠨ᠎ᠡ ᠴᠠᠭ ᠦᠶ᠎ᠡ ᠶᠢᠨ ᠪᠤᠯᠪᠠᠰᠤᠨ ᠤᠶᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ 3.9 ᠤ ᠡᠳᠦᠷ᠂ ᠬᠤᠰᠢᠭᠤ ︽ᠠᠶᠠᠨ︾ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠶᠠᠪᠤᠭᠳᠠᠪᠠ᠃ ᠲᠤᠰ ᠤᠳᠠᠭᠠᠨ ᠤ ᠬᠦᠳᠡᠯᠭᠡᠭᠡᠨ ᠢ ᠵᠡᠭᠦᠨ ᠦᠵᠦᠮᠦᠴᠢᠨ ᠬᠤᠰᠢᠭᠤᠨ ᠤ ︽ᠠᠶᠠᠨ︾ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠪᠤᠯᠤᠨ ︽ᠰᠢᠨ᠎ᠡ ᠴᠠᠭ ᠦᠶ᠎ᠡ ᠶᠢᠨ ᠪᠤᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠳᠠᠭᠠᠭᠠᠴᠢᠯᠠᠨ ᠡᠷᠬᠢᠯᠡᠵᠡᠢ  ᠃      ᠲᠤᠰ ᠤᠳᠠᠭᠠᠨ ᠤ ᠡᠨᠡ ᠬᠦ ᠰᠢᠷᠢᠰ ᠠᠵᠢᠯᠯᠠᠭ᠎ᠠ ᠨᠢ ᠭᠤᠣᠯᠳᠠᠭᠤ ᠱᠠᠩᠨᠠᠨ ᠬᠦᠬᠢᠭᠦᠯᠬᠦ ᠶᠤᠰᠤᠯᠠᠯ  ᠂ ᠤᠷᠠᠨ ᠰᠠᠶᠢᠬᠠᠨ ᠤ ᠲᠤᠭᠯᠠᠯᠲᠠ᠂ ᠱᠠᠭ᠎ᠠ ᠲᠣᠭᠯᠠᠭᠠᠮ ᠤᠨ ᠤᠷᠤᠯᠳᠤᠭᠠᠨ ᠵᠡᠷᠭᠡ ᠭᠤᠷᠪᠠᠨ ᠠᠭᠤᠯᠭ᠎ᠠ ᠪᠠᠷ ᠶᠠᠪᠤᠭᠳᠠᠵᠤ᠂ ︽3.8︾ ᠶᠢᠨ ᠤᠯᠠᠭᠠᠨ ᠲᠤᠭᠴᠢ᠂ ᠰᠢᠯᠢᠳᠡᠭ ᠰᠠᠶᠢᠨ ᠳᠤᠷᠠᠴᠤᠤᠯ᠂ ᠰᠤᠶᠤᠯ ᠪᠡᠶ᠎ᠡ ᠲᠠᠮᠢᠷ ᠤᠨ ᠬᠦᠳᠡᠯᠭᠡᠭᠡᠨ ᠳᠤ ᠢᠳᠡᠪᠬᠢᠯᠡᠨ ᠣᠷᠤᠯᠴᠠᠭᠴᠢ ᠭᠡᠬᠦ ᠮᠡᠲᠦᠴᠢᠯᠡᠨ ᠭᠤᠷᠪᠠᠨ ᠨᠠᠰᠤᠲᠠᠨ ᠢ ᠤᠷᠮᠠᠰᠢᠭᠤᠯᠤᠨ ᠱᠠᠩᠨᠠᠵᠠᠢ᠃ ᠤᠷᠠᠨ ᠰᠠᠶᠢᠬᠠᠨ ᠤ ᠲᠣᠭᠯᠠᠯᠲᠠ ᠳᠤ᠂ ᠨᠠᠰᠤᠲᠠᠶᠢᠴᠤᠳ ᠠᠴᠠ ᠤᠷᠲᠤ ᠶᠢᠨ ᠳᠠᠭᠤᠤ᠂ ᠪᠦᠵᠢᠭ᠂ ᠬᠦᠭᠵᠢᠮ ᠳᠠᠭᠠᠷᠢᠯᠴᠠᠭ᠎ᠠ ᠬᠤᠯᠪᠤᠭ᠎ᠠ ᠵᠡᠷᠭᠡ ᠲᠣᠭᠯᠠᠯᠲᠠ ᠪᠠᠨ ᠦᠵᠡᠭᠴᠢᠳ ᠲᠡᠭᠡᠨ ᠡᠷᠭᠦᠨ ᠪᠠᠶᠢᠷᠢᠵᠤ ᠦᠪᠡᠷ ᠦᠪᠡᠷ ᠤᠨ ᠤᠷ᠎ᠠ ᠠᠪᠢᠶᠠᠰ ᠢᠶᠠᠨ ᠪᠠᠳᠠᠷᠠᠭᠤᠯᠤᠨ ᠨᠡᠶᠢᠲᠡ ᠤᠯᠠᠨ ᠢᠶᠠᠨ ᠪᠠᠶᠠᠰᠬᠠᠯ᠎ᠠ᠃  ᠱᠠᠭ᠎ᠠ ᠲᠣᠭᠯᠠᠭᠠᠮ ᠤᠨ ᠤᠷᠤᠯᠳᠤᠭᠠᠨ ᠳᠤ ᠮᠠᠨ ᠤ ᠬᠤᠰᠢᠭᠤᠨ ᠤ  ︿︿ᠱᠠᠭ᠎ᠠ ᠡᠷᠳᠡᠨᠢ﹀﹀ ᠨᠡᠶᠢᠭᠡᠮᠯᠢᠭ ᠤᠨ ᠬᠠᠮᠲᠤ ᠤᠯᠠᠨ ᠪᠤᠯᠤᠨ ︽ᠠᠶᠠᠨ︾ ᠨᠠᠰᠤᠵᠢᠯ ᠤᠨ ᠠᠰᠠᠷᠠᠮᠵᠢ  ᠶᠢᠨ ᠬᠦᠷᠢᠶᠡᠯᠡᠩ ᠤᠨ ᠬᠠᠮᠲᠤ ᠣᠯᠠᠨ ᠢᠳᠡᠪᠬᠢᠯᠡᠨ ᠣᠷᠤᠯᠴᠠᠵᠤ ᠱᠠᠭ᠎ᠠ ᠤᠷᠬᠢᠵᠤ ᠠᠵᠠ ᠬᠡᠶᠢᠮᠦᠷᠢ  ᠪᠠᠨ ᠰᠣᠷᠢᠵᠠᠭᠠᠭᠰᠠᠨ ᠪᠠᠶᠢᠨ᠎ᠠ᠃       ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠣᠶᠤᠨ ᠤ ᠰᠣᠶᠣᠯ ᠤᠨ ᠠᠮᠢᠳᠤᠷᠠᠯ ᠢ ᠤᠯᠠᠮ ᠨᠢᠭᠡ‌ᠠᠯᠬᠤᠮ ᠪᠠᠶᠠᠯᠢᠭᠵᠢᠭᠤᠯᠵᠤ᠂ ᠨᠠᠰᠤᠲᠠᠶᠢᠴᠤᠳ ᠤᠨ ᠬᠤᠭᠤᠷᠣᠨᠳᠣᠬᠢ ᠬᠠᠷᠢᠯᠴᠠᠭ᠎ᠠ ᠣᠶᠢᠯᠠᠭᠠᠯᠴᠠᠭ᠎ᠠ ᠶᠢ ᠨᠡᠮᠡᠭᠳᠡᠭᠦᠯᠦᠭᠰᠡᠨ ᠢᠶᠠᠷ ᠪᠠᠷᠠᠬᠤ ᠦᠭᠡᠢ᠂ ᠨᠠᠰᠤᠲᠠᠶᠢᠴᠦᠳ ᠤᠨ ᠪᠠᠶᠠᠷ ᠤᠨ ᠡᠳᠦᠷ ᠢᠶᠠᠨ ᠬᠠᠮᠲᠦᠪᠡᠷ ᠪᠠᠶᠠᠷ ᠬᠦᠷ ᠲᠠᠢ ᠤᠳᠬ᠎ᠠ ᠠᠭᠤᠯᠭ᠎ᠠ ᠲᠠᠢ ᠥᠩᠭᠡᠷᠡᠭᠦᠯᠬᠦ ᠳᠤ ᠳᠠᠪᠴᠠᠩ ᠬᠠᠩᠭᠠᠵᠤ ᠥᠭᠭᠦᠭᠰᠡᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号