ᠮᠠᠨ ᠤ ᠬᠤᠰᠢᠭᠤ 2023 ᠣᠨ ᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/3/22
      3 ᠰᠠᠷ᠎ᠠ ᠶᠢᠨ15 ᠤ ᠡᠳᠦᠷ᠂ ᠮᠠᠨ ᠤ ᠬᠤᠰᠢᠭᠤ 2023 ᠣᠨ ᠤ ᠬᠠᠪᠤᠷ ᠤᠨ ᠤᠯᠠᠷᠢᠯ ᠤᠨ ᠰᠢᠨ᠎ᠡ ᠴᠡᠷᠢᠭ ᠢ ᠦᠳᠡᠨ ᠮᠣᠷᠳᠠᠭᠤᠯᠬᠤ ᠶᠣᠰᠣᠯᠠᠯ  ᠶᠠᠪᠤᠭᠳᠠᠭᠤᠯᠵᠠᠢ  ᠃      ᠦᠳᠡᠨ ᠮᠣᠷᠳᠠᠭᠤᠯᠬᠤ ᠶᠣᠰᠣᠯᠠᠯ ᠨᠢ ︽ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ ᠤᠷᠤᠭᠰᠢᠯᠠᠯᠲᠠ ᠶᠢᠨ ᠬᠥᠭᠵᠢᠮ︾ ᠳᠤᠮᠳᠠ ᠡᠬᠢᠯᠡᠵᠡᠢ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ  ᠤᠨ ᠤᠯᠤᠰ ᠲᠥᠷᠥ ᠶᠢᠨ ᠭᠡᠰᠢᠭᠦᠨ ᠴᠧᠨ ᠽᠠᠢ ᠯᠢᠨ ᠴᠡᠷᠢᠭ ᠲᠤ ᠣᠷᠣᠬᠤ ᠵᠠᠷᠯᠢᠭ ᠢ ᠤᠩᠰᠢᠨ ᠨᠡᠶᠢᠲᠡᠯᠡᠪᠡ᠃ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠠᠩ ᠵᠢᠶᠦ᠋ᠨ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠢᠷᠠᠭᠤ ᠠᠯᠳᠠᠷᠲᠠᠶ ᠪᠠᠷ ᠴᠡᠷᠢᠭ ᠲᠤ ᠤᠷᠤᠭᠰᠠᠨ ᠰᠢᠨ᠎ᠡ ᠴᠡᠷᠢᠭ ᠤᠳ ᠴᠡᠷᠢᠭ ᠠᠩᠭᠢ ᠳᠤ ᠤᠴᠢᠭᠰᠠᠨ  ᠤ ᠳᠠᠷᠠᠭ᠎ᠠ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠬᠠᠲᠠᠭᠤᠵᠢᠯᠲᠠᠶ ᠪᠣᠯᠪᠠᠰᠤᠷᠠᠵᠤ᠂ ᠴᠢᠷᠮᠠᠶᠢᠨ ᠰᠤᠷᠤᠯᠴᠠᠵᠤ᠂ ᠵᠢᠯᠣᠭᠤᠳᠣᠯᠭ᠎ᠠ ᠶᠢ ᠲᠠᠭᠠᠨ᠂ ᠨᠥᠬᠦᠳ ᠲᠠᠢ ᠪᠠᠨ ᠪᠦᠯᠬᠦᠮᠳᠡᠵᠦ᠂ ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠴᠡᠷᠢᠭ ᠲᠤ ᠣᠷᠣᠬᠤ ᠢᠲᠡᠭᠡᠯ ᠵᠣᠷᠢᠭ ᠢᠶᠠᠨ ᠪᠠᠲᠤᠳᠬᠠᠵᠤ᠂ ︽ᠳᠥᠷᠪᠡ ᠶᠢ ᠪᠦᠷᠢᠯᠳᠦᠭᠦᠯᠦᠭᠰᠡᠨ︾ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠬᠥᠮᠦᠨ ᠪᠣᠯᠬᠤ ᠪᠠᠷ ᠴᠢᠷᠮᠠᠶᠢᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠥᠬᠡᠶ᠂ ᠡᠬᠡ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠶᠯᠡᠰ ᠲᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ  ᠃      ᠰᠢᠨ᠎ᠡ ᠴᠡᠷᠢᠭ ᠤᠨ ᠲᠥᠯᠥᠭᠡᠯᠡᠭᠴᠢ ᠠᠴᠠ ᠣᠪᠣᠷ ᠢᠶᠠᠨ ᠢᠯᠡᠳᠬᠡᠬᠦ ᠳᠡᠭᠡᠨ᠂ ︽ᠨᠤᠲᠤᠭ ᠤᠨ ᠠᠬᠠᠰ ᠵᠠᠬᠠᠰ ᠤᠨ ᠨᠠᠨᠳᠢᠨ ᠬᠦᠰᠡᠯ ᠡᠷᠡᠮᠡᠯᠵᠡᠯ ᠪᠣᠯᠤᠨ ᠰᠠᠶᠢᠨ ᠰᠠᠶᠢᠬᠠᠨ ᠵᠥᠩᠨᠡᠯ ᠢ ᠡᠪᠦᠷᠯᠡᠵᠦ᠂ ᠢᠷᠠᠭᠤ ᠠᠯᠳᠠᠷ ᠢᠶᠠᠨ ᠰᠡᠳᠬᠢᠯ ᠳᠡᠭᠡᠨ ᠴᠡᠭᠡᠵᠢᠯᠡᠵᠦ᠂ ᠬᠦᠰᠡᠯ ᠵᠡᠭᠦᠳᠦ ᠪᠠᠨ ᠴᠡᠷᠢᠭ ᠠᠩᠬᠢ ᠳᠤ ᠠᠭᠤᠰᠤᠯᠴᠠᠭᠤᠯᠵᠤ᠂ ᠥᠪᠡᠷ ᠤᠨ ᠬᠦᠰᠡᠯᠡᠩ ᠬᠠᠷᠠᠯᠲᠠ ᠪᠠᠨ ᠪᠤᠳᠠᠳᠤ ᠠᠵᠢᠯᠯᠠᠭ᠎ᠠ ᠪᠣᠯᠭᠠᠨ ᠳᠠᠭᠠᠨ ᠦᠢᠯᠡᠳᠦᠯᠭᠡᠵᠢᠭᠦᠯᠵᠦ᠂ ᠵᠣᠬᠢᠶᠠᠨ ᠪᠠᠶᠢᠭᠤᠯᠤᠯᠲᠠ  ᠪᠠᠨ ᠬᠥᠰᠡᠷᠳᠡᠭᠦᠯᠬᠦ ᠦᠭᠡᠢ᠂ ᠪᠣᠳᠠᠲᠤ ᠠᠵᠢᠯᠯᠠᠭ᠎ᠠ ᠪᠠᠷ ᠢᠶᠠᠨ ᠨᠤᠲᠤᠭ ᠤᠰᠤ ᠠᠷᠠᠳ ᠲᠦᠮᠡᠨ ᠳᠡᠭᠡᠨ ᠬᠡᠷᠡᠯ ᠭᠢᠯᠪᠠᠭ᠎ᠠ ᠨᠡᠮᠡᠷᠢᠯᠡᠨ᠎ᠡ︾ ᠭᠡᠪᠡ᠃      ᠡᠲᠡᠭᠡᠷ ᠰᠢᠯᠢᠳᠡᠭ ᠵᠠᠯᠠᠭᠤᠴᠤᠳ ᠳᠠᠪᠬᠤᠷ ᠳᠠᠪᠬᠤᠷ ᠬᠢᠨᠠᠨ ᠪᠠᠶᠢᠴᠠᠭᠠᠯᠲᠠ᠂ ᠴᠢᠩᠭ᠎ᠠ ᠰᠢᠯᠢᠨ ᠰᠣᠩᠭᠤᠯᠲᠠ ᠶᠢ ᠥᠩᠭᠡᠷᠡᠭᠡᠵᠦ᠂ ᠴᠤᠭ ᠵᠢᠪᠬᠤᠭ᠎ᠠ ᠪᠠᠳᠠᠷᠠᠩᠭᠤᠢ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠤᠲᠤᠭ ᠤᠰᠤ ᠡᠯᠢᠭᠡᠨ ᠲᠦᠮᠡᠨ ᠤ ᠢᠶᠠᠨ ᠴᠢᠩ ᠰᠡᠳᠬᠢᠯ ᠤᠨ ᠬᠦᠰᠡᠯ ᠵᠥᠩᠨᠡᠯ ᠢ ᠡᠪᠦᠷᠯᠡᠵᠦ᠂ ᠴᠡᠷᠢᠭ ᠤᠨ ᠬᠤᠸᠠᠷᠠᠨ ᠳᠤ ᠬᠦᠷᠴᠦ᠂ ᠥᠪᠡᠷ ᠤᠨ ᠴᠡᠷᠢᠭ ᠤᠨ ᠠᠮᠢᠳᠤᠷᠠᠯ ᠢᠶᠠᠨ ᠡᠬᠢᠯᠡᠭᠦᠯᠦᠨ᠂ ᠤᠯᠤᠰ ᠣᠷᠣᠨ ᠢᠶᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号