ᠮᠠᠨ ᠤ ᠬᠤᠰᠢᠭᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ  ᠪᠠᠳᠤᠳᠬᠠᠨ ᠠᠬᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/22
      3 ᠳ᠋ᠤᠭᠠᠷ ᠰᠠᠷ᠎ᠠ ᠶᠢᠨ 14 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠭᠦᠨ ᠦᠵᠦᠮᠦᠴᠢᠨ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠠᠳᠤᠳᠬᠠᠨ ᠠᠬᠢᠭᠤᠯᠬᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ  ᠤᠨ ᠳᠠᠷᠤᠭ᠎ᠠ ᠵᠧᠦ ᠸᠧ ᠮᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ  ᠤᠨ ᠬᠡᠯᠲᠡᠰ ᠤᠨ ᠳᠠᠷᠤᠭ᠎ᠠ ᠬᠦᠳᠡᠷ ᠪᠣᠯᠣᠨ ᠡᠯ᠎ᠡ ᠰᠤᠮᠤ ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠡᠪᠯᠡᠯ  ᠤᠨ ᠬᠤᠷᠢᠶᠠᠨ ᠤ ᠱᠦᠵᠢ᠂ ᠬᠤᠰᠢᠭᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠪᠠ  ᠃      ᠬᠤᠷᠠᠯ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶᠠᠨ ᠤ ︿︿ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ  ᠶᠢ ᠠᠬᠢᠭᠤᠯᠬᠤ ᠲᠤᠬᠠᠶ ᠵᠢᠯᠣᠭᠤᠳᠬᠤ ᠰᠠᠨᠠᠯ﹀﹀ ᠤᠨ ᠵᠣᠷᠢᠭ ᠰᠠᠨᠠᠭ᠎ᠠ ᠪᠣᠯᠤᠨ ᠪᠥᠬᠦ ᠤᠯᠤᠰ ᠤᠨ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠳᠠᠰᠤᠲᠤ ᠬᠤᠷᠠᠯ ᠤᠨ ᠵᠣᠷᠢᠭ ᠰᠠᠨᠠᠭ᠎ᠠ᠂ ᠪᠥᠬᠦ ᠣᠷᠣᠨ ᠤ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ᠂ ︿︿ᠵᠡᠭᠦᠨ ᠦᠵᠦᠮᠦᠴᠢᠨ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠪᠠᠳᠤᠳᠬᠠᠨ ᠠᠬᠢᠭᠤᠯᠬᠤ ᠠᠵᠢᠯ ᠤᠨ ᠬᠡᠷᠡᠭᠵᠢᠭᠦᠯᠬᠦ ᠲᠥᠰᠦᠯ﹀﹀ ᠢ ᠰᠤᠳᠤᠯᠤᠨ ᠬᠢᠨᠠᠨ ᠵᠥᠪᠯᠡᠪᠡ  ᠃      ᠬᠤᠷᠠᠯ ᠠᠴᠠ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤ 2022 ᠣᠨ ᠳᠤ ᠬᠤᠶᠠᠳᠤᠭᠠᠷ ᠡᠭᠡᠯᠵᠢ  ᠶᠢᠨ ᠪᠥᠬᠦ ᠤᠯᠤᠰ ᠤᠨ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ  ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠭᠠᠵᠠᠷ ᠣᠷᠣᠨ ᠢᠶᠠᠷ ᠲᠣᠭᠳᠠᠭᠠᠭᠳᠠᠭᠰᠠᠨ  ᠤ ᠳᠠᠷᠠᠭ᠎ᠠ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠡᠨᠡ ᠨᠢᠭᠡ ᠵᠢᠯ ᠳᠤ ᠡᠪ ᠬᠠᠮᠲᠤ ᠵᠠᠯᠠᠭᠤᠴᠤᠳ ‍ᠤᠨ‌ᠡᠪᠯᠡᠯ ᠤᠨ ᠵᠣᠬᠢᠶᠠᠨ ᠪᠠᠶᠢᠭᠤᠯᠤᠯᠲᠠ ᠡᠯ᠎ᠡ ᠵᠦᠶᠯ ᠤᠨ ᠠᠵᠢᠯ  ᠤᠨ ᠲᠠᠯ᠎ᠠ ᠪᠠᠷ ᠵᠣᠬᠢᠬᠤ ᠦᠷ᠎ᠡ ᠪᠦᠲᠦᠮᠵᠢ ᠣᠯᠵᠠᠶ ᠭᠡᠰᠡᠨ ᠤ ᠬᠠᠮᠲᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠥᠬᠦ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠶ ᠭᠡᠵᠡᠢ  ᠃      ᠬᠤᠷᠠᠯ ᠠᠴᠠ ᠱᠠᠭᠠᠷᠳᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠦᠵᠡᠯ ᠰᠠᠨᠠᠭ᠎ᠠ  ᠪᠠᠨ ᠤᠯᠠᠮ ᠴᠢᠨᠠᠭᠰᠢᠳᠠ ᠨᠢᠭᠡᠳᠬᠡᠵᠦ᠂ ᠵᠣᠭᠰᠣᠴᠠ ᠪᠠᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠡᠪ ᠬᠠᠮᠲᠤ ᠵᠠᠯᠠᠭᠤᠴᠤᠳ‌‍ᠤᠨ ᠡᠪᠯᠡᠯ ᠤᠨ ᠥᠭᠡᠷᠡᠴᠢᠯᠡᠯᠲᠡ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠣᠯᠠᠨ ᠲᠦᠮᠡᠨᠴᠢ ᠪᠦᠯᠬᠦᠮ ᠤᠨ ᠠᠵᠢᠯ ᠤᠨ ᠲᠤᠬᠠᠶ ᠴᠢᠬᠤᠯᠠ ᠵᠢᠭᠠᠪᠤᠷᠢ  ᠶᠢᠨ ᠵᠣᠷᠢᠭ ᠰᠠᠨᠠᠭ᠎ᠠ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠵᠡᠭᠦᠨ‌ᠦᠵᠦᠮᠦᠴᠢᠨ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠠᠵᠢᠯᠯᠠᠭ᠎ᠠ ᠳᠡᠭᠡᠷ᠎ᠡ ᠪᠠᠨ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠲᠦᠷᠢᠮ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠡᠪᠯᠡᠯ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠲᠦᠷᠦᠯ ᠤᠨ ᠰᠠᠭᠤᠷᠢᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠥᠭᠡᠷᠡᠴᠢᠯᠡᠯᠲᠡ ᠶᠢᠨ ᠠᠵᠢᠯ ᠤᠨ ᠳᠤᠮᠳᠠ ᠣᠯᠤᠭᠰᠠᠨ ᠦᠷ᠎ᠡ ᠪᠦᠲᠦᠭᠡᠯ ᠪᠣᠯᠤᠨ ᠬᠢᠯᠠᠰ ᠴᠡᠭ ᠢ ᠳ᠋ᠦᠩᠨᠡᠨ ᠪᠣᠯᠪᠠᠰᠤᠷᠠᠭᠤᠯᠬᠤ ᠬᠡᠷᠡᠭᠲᠡᠢ  ᠃ ᠶᠡᠭᠡ ᠲᠠᠯ᠎ᠠ ᠶᠢᠨ ᠤᠬᠠᠮᠰᠠᠷ ᠪᠣᠯᠤᠨ ᠲᠦᠷᠦᠯ ᠲᠡᠮᠳᠡᠭ ᠤᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠳᠣᠲᠣᠭᠠᠳᠤ ᠡᠬᠢ ᠪᠠᠶᠠᠯᠢᠭ ᠢ ᠰᠠᠶᠢᠲᠤᠷ ᠬᠡᠷᠡᠭᠯᠡᠵᠦ᠂ ᠨᠡᠶᠢᠭᠡᠮ ᠤᠨ ᠡᠬᠢ ᠪᠠᠶᠠᠯᠢᠭ ᠢ ᠢᠳᠡᠪᠬᠢᠯᠡᠨ ᠣᠯᠵᠤ᠂ ︿︿ᠵᠠᠯᠠᠭᠤ﹀﹀ ᠨᠡᠷᠡᠲᠦ ᠲᠦᠷᠦᠯ ᠲᠡᠮᠳᠡᠭ ᠤᠨ ᠲᠥᠷᠥᠯ ᠵᠦᠢᠯ ᠤᠨ ᠬᠥᠮᠦᠨ ᠬᠥᠮᠦᠵᠢᠭᠦᠯᠬᠦ ᠴᠢᠳᠠᠮᠵᠢ ᠶᠢ ᠭᠦᠨᠵᠡᠭᠡᠶᠢᠷᠡᠭᠦᠯᠬᠦ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠠᠮᠲᠤᠷᠠᠯ ᠬᠦᠴᠦᠨ  ᠢ ᠪᠦᠷᠢᠯᠳᠦᠭᠦᠯᠵᠦ᠂ ᠬᠠᠮᠲᠤᠷᠠᠯᠴᠠᠭ᠎ᠠ ᠰᠣᠯᠢᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠵᠡᠭᠦᠨ ᠦᠵᠦᠮᠦᠴᠢᠨ ᠬᠤᠰᠢᠭᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号