ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠪᠦᠬᠦ ᠤᠯᠤᠰ ᠤᠨ ︿︿ᠬᠤᠶᠠᠷ ᠬᠤᠷᠠᠯ﹀﹀  ᠤᠨ ᠵᠣᠷᠢᠭ ᠰᠠᠨᠠᠭ᠎ᠠ ᠶᠢ ᠤᠯᠠᠮᠵᠢᠯᠠᠨ᠎ᠠ
ᠨᠡᠶᠢᠲᠡᠯᠡᠭᠰᠡᠨ ᠴᠠᠭ᠄
2023/3/23
      3 ᠰᠠᠷ᠎ᠠ ᠶᠢᠨ15 ᠤ ᠡᠳᠦᠷ᠂ ᠬᠠᠲᠠᠪᠴᠢ ᠪᠠᠯᠭᠠᠰᠤ ᠶᠢᠨ ᠱᠠᠩᠳᠤ ᠭᠠᠴᠠᠭᠠᠨ ᠤ ᠮᠠᠯᠴᠢᠨ ᠡᠷᠳᠡᠨᠢᠳᠠᠯᠠᠢ ᠰᠢᠨ᠎ᠡ ᠨᠢᠭᠡ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠶᠢᠨ ᠬᠤᠪᠢ ᠪᠠᠷ᠂ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠤ ᠳᠠᠷᠠᠭ᠎ᠠ ᠨᠤᠲᠤᠭ ᠲᠠᠭᠠᠨ ᠪᠤᠴᠠᠵᠤ᠂ ᠨᠤᠲᠤᠭ ᠤᠨ ᠢᠶᠠᠨ ᠺᠠᠳ᠋ᠷ ᠤᠯᠠᠨ ᠲᠦᠮᠡᠨ ᠳᠤ ᠪᠦᠬᠦ ᠤᠯᠤᠰ ᠤᠨ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠳᠠᠷᠤᠢ ᠲᠦᠷᠭᠡᠨ ᠤᠬᠠᠭᠤᠯᠤᠨ ᠲᠠᠶᠢᠯᠪᠤᠷᠢᠯᠠᠵᠤ᠂ ᠪᠦᠬᠦ ᠤᠯᠤᠰ ᠤᠨ︿ᠬᠤᠶᠠᠷ ᠬᠤᠷᠠᠯ﹀ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠦᠳᠲᠡᠷ ᠲᠦᠷᠭᠡᠨ ᠲᠤᠤᠱᠯᠠᠭᠤᠯᠵᠤ ᠨᠠᠶᠢᠳᠠᠪᠦᠷᠢᠵᠢᠭᠤᠯᠪᠠ  ᠃      ︿︿ᠪᠦᠬᠦ ᠤᠯᠤᠰ ᠤᠨ  ︿ᠬᠤᠶᠠᠷ ᠬᠤᠷᠠᠯ﹀ ᠤᠨ ᠬᠤᠭᠤᠴᠠᠭᠠᠨ ᠳᠤ᠂ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠂ ᠬᠢᠯᠢ ᠬᠢᠵᠠᠭᠠᠷ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ ᠮᠠᠯ ᠠᠵᠤ ᠠᠬᠤᠢ ᠶᠢᠨ ᠮᠠᠰᠢᠨᠴᠢᠯᠠᠯᠲᠠ ᠤᠶᠤᠨᠴᠢᠯᠠᠯᠳᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠠᠯᠢ ᠣᠯᠠᠨ ᠰᠠᠨᠠᠭᠤᠯᠭ᠎ᠠ ᠳᠤᠷᠠᠳᠴᠠᠢ﹀﹀ ᠭᠡᠵᠦ ᠡᠷᠳᠡᠨᠢᠳᠠᠯᠠᠢ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠲᠠᠢ ᠬᠠᠯᠠᠭᠤᠨ ᠲᠣᠳᠤᠨᠤ ᠶᠠᠷᠢᠶ᠎ᠠ ᠥᠷᠨᠢᠭᠦᠯᠬᠦ ᠳᠤᠮᠳᠠ ᠪᠥᠬᠦ ᠤᠯᠤᠰ ᠤᠨ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠤᠯᠠᠮᠵᠢᠯᠠᠨ᠎ᠠ᠃ ᠡᠷᠳᠡᠨᠢᠳᠠᠯᠠᠢ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠶᠠᠭᠠᠬᠢᠵᠤ ᠦᠨᠳᠦᠰᠦᠨ ᠱᠠᠲᠤᠨ  ᠳᠤ ᠳᠠᠮᠵᠢᠭᠤᠯᠬᠤ᠂  ᠶᠠᠭᠠᠬᠢᠵᠤ ᠡᠭᠡᠯ ᠪᠣᠷᠣᠭᠵᠢᠭᠤᠨ ᠦᠭᠡ ᠬᠡᠯᠡ ᠪᠠᠷ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠰᠠᠶᠢᠲᠤᠷ ᠤᠬᠠᠭᠤᠯᠤᠨ ᠲᠠᠶᠢᠯᠪᠤᠷᠢᠯᠠᠬᠤ ᠲᠤᠬᠠᠢ ᠪᠣᠳᠣᠯᠬᠢᠯᠠᠭᠰᠠᠭᠠᠷ ᠢᠷᠡᠵᠠᠢ  ᠃
     ᠤᠬᠠᠭᠤᠯᠤᠨ ᠲᠠᠶᠢᠯᠪᠦᠷᠢᠯᠠᠬᠤ ᠳᠤᠮᠳᠠ᠂ ᠡᠷᠳᠡᠨᠢᠳᠠᠯᠠᠢ ᠬᠤᠷᠠᠯ ᠳᠤ ᠣᠷᠣᠯᠴᠠᠭᠰᠠᠨ ᠲᠦᠷᠦᠭᠳᠡᠯ   ᠲᠠᠢ ᠪᠠᠨ ᠤᠶᠠᠯᠳᠤᠭᠤᠯᠤᠨ ︿︿ᠬᠤᠶᠠᠷ ᠬᠤᠷᠠᠯ﹀﹀ ᠤᠨ ᠦᠪᠡᠳᠡᠭᠰᠢ ᠪᠠᠶᠢᠳᠠᠯ ᠢ ᠵᠢᠷᠤᠭᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ︿︿ᠬᠤᠶᠠᠷ ᠬᠤᠷᠠᠯ﹀﹀ ᠤᠨ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠠᠬᠢ ᠬᠢᠯᠠᠰ ᠴᠡᠭ ᠤᠨ ᠠᠭᠤᠯᠭ᠎ᠠ ᠶᠢ ᠲᠠᠶᠢᠯᠪᠦᠷᠢᠯᠠᠨ᠂ ᠣᠯᠠᠨ ᠤ ᠠᠩᠬᠠᠷᠴᠤ ᠪᠠᠶᠢᠭ᠎ᠠ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠤᠯᠤᠰ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠭᠦᠨᠵᠡᠭᠡᠶ ᠪᠥᠭᠡᠳ ᠣᠶᠢᠯᠠᠭᠠᠮᠵᠢᠲᠠᠶ ᠤᠬᠠᠭᠤᠯᠤᠨ ᠲᠠᠶᠢᠯᠪᠤᠷᠢᠯᠠᠵᠤ᠂ ᠪᠥᠬᠦ ᠤᠯᠤᠰ ᠤᠨ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠳᠡᠭᠡᠨ ᠤᠯᠠᠮᠵᠢᠯᠠᠪᠠ᠃      ᠣᠯᠠᠨ ᠢᠶᠠᠷ ᠢᠶᠠᠨ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠰᠣᠨᠣᠰᠬᠤ ᠶᠢᠨ ᠳᠠᠭᠠᠤ  ᠲᠡᠮᠳᠡᠭᠯᠡᠯ ᠬᠢᠨ᠎ᠡ᠃ ᠬᠤᠷᠠᠯ ᠤᠨ ᠳᠠᠷᠠᠭ᠎ᠠ ᠣᠯᠠᠨ ᠢᠶᠠᠷ ᠢᠶᠠᠨ᠂ ᠡᠨᠡ ᠤᠳᠠᠭᠠᠨ ᠤ ᠤᠬᠠᠭᠤᠯᠤᠨ ᠲᠠᠶᠢᠯᠪᠦᠷᠢᠯᠠᠬᠤ ᠪᠠᠷ ᠳᠠᠮᠵᠢᠨ ᠪᠥᠬᠦ ᠤᠯᠤᠰ ᠤᠨ ︿︿ᠬᠤᠶᠠᠷ ᠬᠤᠷᠠᠯ﹀﹀ ᠤᠨ ᠲᠤᠬᠠᠢ ᠰᠤᠷᠠᠭ ᠵᠠᠩᠭᠢ ᠶᠢ ᠨᠠᠩ ᠠᠮᠢᠳᠤᠯᠢᠭ᠂ ᠨᠠᠩ ᠣᠨᠣᠪᠴᠢᠲᠠᠶ᠂ ᠨᠠᠩ ᠪᠥᠬᠦ ᠲᠠᠯ᠎ᠠ ᠪᠠᠷ ᠣᠶᠢᠯᠠᠭᠠᠵᠤ᠂  ᠥᠩᠭᠡᠷᠡᠭᠰᠡᠨ ᠤ ᠠᠮᠵᠢᠯᠲᠠ ᠪᠦᠲᠦᠮᠵᠢ ᠶᠢ ᠣᠯᠵᠤ ᠬᠠᠷᠠᠭᠰᠠᠨ ᠢᠶᠠᠷ ᠪᠠᠷᠠᠬᠤ ᠥᠬᠡᠶ ᠢᠷᠡᠭᠡᠳᠦᠶ ᠶᠢᠨ ᠵᠢᠷᠤᠭ ᠲᠥᠰᠦᠪ ᠢ ᠴᠦ ᠣᠯᠵᠤ ᠬᠠᠷᠠᠭᠰᠠᠨ ᠪᠠᠶᠢᠨ᠎ᠠ᠃  ᠦᠨᠳᠦᠰᠦᠨ ᠱᠠᠲᠤᠨ ᠤ ᠺᠠᠳ᠋ᠷ ᠪᠣᠯᠤᠭᠰᠠᠨ ᠤ ᠬᠤᠪᠢ ᠳᠤ᠂ ᠪᠢᠳᠠ ᠲᠤᠰ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠤᠯᠠᠮ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠣᠳᠠᠲᠤ ᠦᠢᠯᠡ‌ᠠᠵᠢᠯᠯᠠᠭ᠎ᠠ ᠪᠠᠷ ᠢᠶᠠᠨ ᠤᠯᠠᠨ ᠲᠦᠮᠡᠨ ᠳᠤ ᠨᠡᠩ ᠣᠯᠠᠨ ᠪᠣᠳᠠᠲᠤ ᠶᠠᠪᠤᠳᠠᠯ ᠬᠢᠵᠦ  ᠂ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠥᠪᠡᠷ ᠤᠨ ᠥᠴᠦᠬᠡᠨ ᠬᠦᠴᠦᠨ ᠢᠶᠠᠨ ᠡᠷᠭᠦᠨ᠎ᠡ ᠭᠡᠵᠡᠭᠡᠪᠡ  ᠃      ᠡᠷᠳᠡᠨᠢᠳᠠᠯᠠᠢ ᠢᠯᠡᠷᠬᠡᠶᠢᠯᠡᠬᠦ ᠳᠡᠭᠡᠨ᠂ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢ ᠪᠣᠯᠤᠭᠰᠠᠨ ᠤ ᠬᠤᠪᠢ ᠳᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤᠮᠳᠠ᠂ ᠠᠷᠠᠳ ᠲᠦᠮᠡᠨ ᠢ ᠬᠡᠵᠢᠶᠡᠳᠡ ᠰᠡᠳᠬᠢᠯ ᠳᠤ ᠪᠠᠨ ᠪᠤᠳᠤᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠲᠡᠢ ᠲᠤᠰᠬᠠᠵᠤ᠂ ᠪᠦᠬᠦ ᠤᠯᠤᠰ ᠤᠨ ︿︿ᠬᠤᠶᠠᠷ ᠬᠤᠷᠠᠯ﹀﹀ ᠤᠨ ᠵᠣᠷᠢᠭ ᠰᠠᠨᠠᠭᠠᠨ ᠤ ᠤᠬᠠᠭᠤᠯᠤᠭᠴᠢ ᠪᠠ ᠦᠢᠯᠡᠳᠦᠯᠭᠡᠵᠢᠭᠦᠯᠦᠭᠴᠢ ᠪᠣᠯᠤᠨ᠎ᠠ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号