ᠪᠦᠬᠦ ᠤᠯᠤᠰ ᠤᠨ ᠠᠷᠠᠳ ᠤᠨ ᠲᠥᠯᠥᠭᠡᠯᠡᠭᠴᠢ ᠡᠷᠳᠡᠨᠢᠳᠠᠯᠠᠢ ᠲᠤᠰᠢᠶᠠᠯ ᠬᠠᠷᠢᠭᠤᠴᠠᠯᠭ᠎ᠠ ᠪᠠᠨ ᠠᠮᠵᠢᠯᠲᠠ  ᠲᠠᠢ ᠭᠦᠢᠴᠡᠳᠬᠡᠵᠦ ᠬᠠᠷᠢᠵᠤ ᠢᠷᠡᠪᠡ
ᠨᠡᠶᠢᠲᠡᠯᠡᠭᠰᠡᠨ ᠴᠠᠭ᠄
2023/3/23
         3 ᠰᠠᠷ᠎ᠠ ᠶᠢᠨ 13 ᠤ ᠦᠳᠡ ᠶᠢᠨ ᠡᠮᠦᠨ᠎ᠡ᠂ ᠤᠯᠠᠨ ᠤ ᠠᠩᠬᠠᠷᠤᠯ ᠢ ᠲᠠᠲᠠᠭᠰᠠᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠳᠤ ᠠᠮᠵᠢᠯᠲᠠ ᠲᠠᠢ ᠲᠡᠭᠦᠰᠪᠡ᠃
   15 ᠤ ᠦᠳᠡ ᠶᠢᠨ ᠡᠮᠦᠨ᠎ᠡ᠂ ᠪᠡᠭᠡᠵᠢᠩ ᠳᠤ ᠬᠦᠷᠴᠦ ᠬᠤᠷᠠᠯ ᠳᠤ ᠣᠷᠣᠯᠴᠠᠭᠰᠠᠨ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠵᠡᠭᠦᠨ ᠦᠵᠦᠮᠦᠴᠢᠨ ᠬᠤᠰᠢᠭᠤᠨ ᠤ ᠬᠠᠲᠠᠪᠴᠢ ᠪᠠᠯᠭᠠᠰᠤᠨ ᠤ ᠮᠠᠯᠴᠢᠨ ᠡᠷᠳᠡᠨᠢᠳᠠᠯᠠᠢ ᠬᠤᠷᠠᠯ ᠠᠮᠵᠢᠯᠲᠠ ᠲᠠᠢ ᠲᠡᠭᠦᠰᠦᠭᠰᠡᠨ ᠪᠠᠶᠠᠷ ᠪᠠᠭ᠋ᠠᠳᠤᠯ ᠢ ᠡᠪᠦᠷᠯᠡᠨ ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠬᠠᠷᠢᠵᠤ ᠢᠷᠡᠪᠡ᠃        ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦ᠋ᠶ ᠯᠦᠩ᠂  ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠥ᠋ᠩᠬᠡ᠂  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠤᠳᠤᠷᠢᠳᠤᠯᠭ᠎ᠠ ᠬᠠᠯᠠᠭᠤᠨ ᠢᠶᠠᠷ ᠤᠭᠲᠤᠵᠤ᠂ ᠡᠷᠳᠡᠨᠢᠳᠠᠯᠠᠢ ᠲᠠᠢ ᠬᠠᠯᠭᠠᠤᠨ ᠲᠤᠳᠤᠨᠤ ᠶᠠᠷᠢᠶ᠎ᠠ ᠥᠷᠨᠢᠭᠦᠯᠪᠡ  ᠃
     ᠶᠠᠷᠢᠯᠴᠠᠬᠤ ᠬᠤᠷᠠᠯ ᠳᠡᠭᠡᠷ᠎ᠡ᠂ ᠡᠷᠳᠡᠨᠢᠳᠠᠯᠠᠢ ᠶᠡᠭᠡ ᠬᠤᠷᠠᠯ ᠤᠨ ᠦᠪᠡᠳᠡᠭᠰᠢ ᠪᠠᠶᠢᠳᠠᠯ᠂ ᠬᠤᠷᠠᠯ ᠳᠤ ᠣᠷᠣᠯᠴᠠᠭᠰᠠᠨ ᠲᠦᠷᠦᠭᠳᠡᠯ ᠪᠣᠯᠤᠨ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢᠶᠠᠨ ᠤᠯᠠᠨ ᠲᠠᠢ ᠬᠤᠪᠢᠶᠠᠯᠴᠠᠪᠠ᠃ ᠪᠦᠬᠦ ᠤᠯᠤᠰ ᠤᠨ ︿︿ᠬᠤᠶᠠᠷ ᠬᠤᠷᠠᠯ﹀﹀ ᠤᠨ ᠬᠤᠭᠤᠴᠠᠭᠠᠨ ᠳᠤ᠂ ᠲᠡᠷᠡ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠂ ᠬᠢᠯᠢ ᠬᠢᠵᠠᠭᠠᠷ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ ᠮᠠᠯ ᠠᠵᠤ ᠠᠬᠤᠢ ᠶᠢᠨ ᠮᠠᠰᠢᠨᠴᠢᠯᠠᠯᠲᠠ ᠤᠶᠤᠨᠴᠢᠯᠠᠯᠳᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠵᠡᠷᠭᠡ ᠲᠠᠯ᠎ᠠ ᠪᠠᠷ ᠠᠯᠢ ᠣᠯᠠᠨ ᠰᠠᠨᠠᠭᠤᠯᠭ᠎ᠠ ᠳᠤᠷᠠᠳᠴᠠᠢ᠃ ᠲᠡᠷᠡ ᠢᠯᠡᠷᠬᠡᠶᠢᠯᠡᠬᠦ ᠳᠡᠭᠡᠨ᠂ ᠰᠢ ᠶᠢᠨ ᠫᠢᠩ ᠨᠥᠬᠦᠷ ᠪᠦᠷᠢᠨ ᠪᠢᠯᠧᠲ ᠢᠶᠠᠷ ᠤᠯᠤᠰ  ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠪᠠᠷ ᠰᠣᠩᠭᠤᠭᠳᠠᠭᠰᠠᠨ ᠲᠥᠪ ᠬᠢᠴᠢᠶᠡᠩᠭᠦᠢ ᠪᠥᠭᠡᠳ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠴᠠᠭ ᠮᠥᠴᠡ ᠶᠢ ᠲᠤᠬᠠᠢ ᠲᠠᠯᠠᠪᠠᠢ ᠳᠤ ᠭᠡᠷᠡᠴᠢᠯᠡᠵᠦ ᠴᠢᠳᠠᠭᠰᠠᠨ ᠳᠠᠭᠠᠨ ᠮᠠᠰᠢ ᠢᠷᠠᠭᠤ ᠠᠯᠳᠠᠷ ᠲᠠᠢ᠂ ᠮᠠᠰᠢ ᠣᠮᠣᠭᠰᠢᠯ ᠲᠠᠢ ᠰᠠᠨᠠᠭᠳᠠᠵᠤ ᠪᠠᠶᠢᠨ᠎ᠠ᠃ ᠬᠤᠶᠢᠰᠢᠳᠠ ᠲᠥᠯᠦᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠭᠦᠶᠴᠡᠳᠬᠡᠵᠦ᠂ ᠪᠥᠬᠦ ᠤᠯᠤᠰ  ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠲᠦᠷᠦᠭᠦᠯᠡᠨ ᠰᠠᠶᠢᠲᠤᠷ ᠤᠬᠠᠭᠤᠯᠤᠨ ᠲᠤᠤᠱᠯᠠᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠤᠯᠠᠮᠵᠢᠯᠠᠵᠤ᠂ ᠬᠤᠷᠠᠯ ᠤᠨ ᠵᠣᠷᠢᠭ ᠰᠠᠨᠠᠭ᠎ᠠ ᠶᠢ ᠵᠡᠭᠦᠨ ᠦᠵᠦᠮᠦᠴᠢᠨ ᠬᠤᠰᠢᠭᠤᠨ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠡᠢ  ᠃
     ᠵᠧᠦ ᠢᠦ᠋ᠶ ᠯᠦᠩ ᠬᠤᠷᠠᠯ ᠳᠤ ᠣᠷᠣᠯᠴᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠬᠠᠷᠢᠵᠤ ᠢᠷᠡᠭᠰᠡᠨ ᠡᠷᠳᠡᠨᠢᠳᠠᠯᠠᠢ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ᠂ ᠡᠷᠳᠡᠨᠢᠳᠠᠯᠠᠢ ᠨᠥᠬᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠭᠰᠠᠨ ᠨᠢ ᠪᠦᠬᠦ ᠬᠤᠰᠢᠭᠤᠨ ᠤ ᠣᠮᠣᠭᠰᠢᠯ ᠪᠦᠭᠡᠳ ᠢᠷᠠᠭᠤ ᠠᠯᠳᠠᠷ᠂ ᠮᠦᠨᠴᠦ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ  ᠶᠢᠨ ᠠᠮᠢᠳᠤᠷᠠᠯ ᠳᠤᠮᠳᠠᠬᠢ ᠶᠡᠭᠡ ᠶᠠᠪᠤᠳᠠᠯ ᠮᠥᠨ᠃ ᠡᠨᠡ ᠵᠢᠯ ᠤᠨ ᠪᠦᠬᠦ ᠤᠯᠤᠰ ᠤᠨ ︿︿ᠬᠤᠶᠠᠷ ᠬᠤᠷᠠᠯ﹀﹀ ᠤᠨ ᠬᠤᠭᠤᠴᠠᠭᠠᠨ ᠳᠤ᠂ ᠡᠷᠳᠡᠨᠢᠳᠠᠯᠠᠢ ᠨᠤᠲᠤᠭ ᠤᠰᠤᠨ ᠤ ᠪᠠᠨ ᠬᠥᠭᠵᠢᠯᠲᠡ ᠳᠤ ᠠᠩᠬᠠᠷᠤᠯ ᠢᠶᠠᠨ ᠬᠠᠨᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠪᠠᠨ ᠳᠡᠪᠰᠢᠭᠦᠯᠵᠦ᠂ ᠵᠡᠭᠦᠨ ᠦᠵᠦᠮᠦᠴᠢᠨ ᠤ ᠲᠠᠭᠤᠨ ᠢ ᠳᠠᠮᠵᠢᠭᠤᠯᠵᠤ᠂ ᠵᠡᠭᠦᠨ ᠦᠵᠦᠮᠦᠴᠢᠨ ᠤ ᠲᠦᠷᠢ ᠲᠥᠷᠬᠦ ᠶᠢ ᠢᠯᠡᠷᠡᠭᠦᠯᠵᠦ᠂ ᠤᠯᠤᠰ ᠲᠠᠭᠠᠨ ᠰᠠᠨᠠᠯ ᠰᠠᠨᠠᠭᠤᠯᠭ᠎ᠠ ᠳᠤᠷᠠᠳᠴᠤ᠂ ᠠᠷᠠᠳ ᠲᠦᠮᠡᠨ ᠤ ᠲᠥᠯᠥᠭᠡ ᠦᠭᠡ ᠬᠡᠯᠡᠬᠦ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠲᠡᠭᠦᠨ ᠤ ᠰᠠᠨᠠᠭᠤᠯᠭ᠎ᠠ  ᠨᠢ ᠡᠯ᠎ᠡ ᠲᠠᠯ᠎ᠠ ᠶᠢᠨ ᠬᠢᠨ ᠤ ᠴᠢᠬᠤᠯᠠᠴᠢᠯᠠᠯ ᠪᠠ ᠠᠩᠬᠠᠷᠤᠯ ᠢ ᠲᠠᠲᠠᠵᠤ᠂ ᠰᠠᠶᠢᠨ ᠰᠠᠶᠢᠬᠠᠨ ᠨᠡᠶᠢᠭᠡᠮ ᠤᠨ ᠦᠷ᠎ᠡ ᠨᠥᠯᠥᠭᠡ ᠶᠢ ᠪᠤᠢ ᠪᠣᠯᠭᠠᠭᠰᠠᠨ ᠪᠠᠶᠢᠨ᠎ᠠ ᠭᠡᠰᠡᠨ ᠤ ᠬᠠᠮᠲᠦ᠂ ᠡᠷᠳᠡᠨᠢᠳᠠᠯᠠᠢ ᠲᠥᠯᠥᠭᠡᠯᠡᠭᠴᠢ ᠪᠦᠬᠦ ᠤᠯᠤᠰ ᠤᠨ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠭᠴᠢ ᠪᠤᠯᠵᠤ᠂ ᠪᠦᠬᠦ ᠤᠯᠤᠰ ᠤᠨ ︿︿ᠬᠤᠶᠠᠷ ᠬᠤᠷᠠᠯ﹀﹀ ᠤᠨ ᠳᠠᠭᠤᠨ ᠢ ᠦᠨᠳᠦᠰᠦᠨ ᠱᠠᠲᠤᠨ ᠤ ᠡᠮᠦᠨ᠎ᠡ ᠹᠷᠣᠨᠲ ᠲᠤ ᠳᠠᠷᠤᠢ ᠲᠦᠷᠭᠡᠨ ᠳᠠᠮᠵᠢᠭᠤᠯᠵᠤ᠂ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠦᠬᠦ ᠬᠤᠰᠢᠭᠤ ᠪᠠᠷ ᠢᠶᠠᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦ ᠤᠯᠤᠰ ᠤᠨ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ  ᠲᠠᠢ ᠨᠢᠭᠡᠳᠬᠡᠬᠦ ᠳᠤ ᠬᠦᠴᠦᠨ ᠨᠡᠮᠡᠷᠢᠯᠡᠵᠦ᠂ ᠢᠲᠡᠭᠡᠯ ᠲᠡᠭᠦᠯᠳᠡᠷ ᠢᠶᠠᠷ ᠥᠪᠡᠷ ᠢ ᠪᠠᠨ ᠬᠦᠴᠦᠷᠬᠡᠭᠵᠢᠭᠦᠯᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠤᠷᠠᠯ ᠤᠨ ᠵᠣᠷᠢᠭ ᠰᠠᠨᠠᠭ᠎ᠠ ᠵᠡᠭᠦᠨ ᠦᠵᠦᠮᠦᠴᠢᠨ ᠬᠤᠰᠢᠭᠤᠨ ᠳᠤ ᠲᠤᠭᠤᠰᠢᠯᠠᠭᠤᠯᠤᠭᠳᠠᠨ᠂ ᠦᠷ᠎ᠡ ᠪᠦᠲᠦᠮᠵᠢ ᠭᠠᠷᠬᠤ ᠶᠢ ᠲᠠᠰᠤᠷᠠᠯᠲᠠ ᠦᠭᠡᠢ ᠠᠬᠢᠭᠤᠯᠬᠤ ᠶᠢ ᠬᠦᠰᠡᠵᠦ ᠪᠠᠶᠢᠨ᠎ᠠ᠃ ᠪᠦᠬᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠪᠦᠬᠦ ᠤᠯᠤᠰ ︿︿ᠬᠤᠶᠠᠷ ᠬᠤᠷᠠᠯ﹀﹀ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠣᠳᠣᠬᠠᠨ ᠤ ᠨᠢᠭᠡᠨ ᠴᠢᠬᠤᠯᠠ ᠤᠯᠤᠰ ᠲᠥᠷᠦ ᠶᠢᠨ ᠡᠭᠦᠷᠭᠡ ᠪᠣᠯᠭᠠᠵᠤ᠂ ᠳᠡᠭᠡᠲᠦ ᠬᠡᠮᠵᠢᠶᠡᠨ ᠤ ᠤᠯᠤᠰ ᠲᠥᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠷ ᠡᠷᠡᠮᠡᠬᠡᠶᠢᠯᠡᠨ ᠤᠷᠤᠭᠰᠢᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠤ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠪᠠᠷ ᠴᠢᠷᠮᠠᠶᠢᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号