41 ᠳ᠋ᠦ᠋ᠭᠡᠷ ︿︿315﹀﹀ ᠤ ᠳᠡᠯᠡᠬᠡᠶ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ | ᠲᠠᠰᠢᠷᠠᠮ ᠳᠤ᠂ ᠬᠡᠷᠡᠭᠯᠡᠭᠴᠢᠳ ᠤᠨ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠥᠪᠡᠷ ᠢ ᠪᠠᠨ ᠬᠠᠮᠠᠭᠠᠯᠠᠬᠤ ᠦᠵᠡᠯ | ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭᠯᠡᠭᠴᠢᠳ ᠲᠤ ᠦᠨᠡᠨᠴᠢ ᠢᠲᠡᠭᠡᠮᠵᠢᠲᠡᠶ᠂ ᠡᠶ᠎ᠡ | ᠵᠣᠬᠢᠴᠠᠯ ᠲᠠᠢ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠣᠯᠭᠠᠵᠤ ᠥᠭᠬᠦ ᠶᠢᠨ | ᠲᠥᠯᠦᠭᠡ᠂ 3 ᠳ᠋ᠤᠭᠠᠷ ᠰᠠᠷ᠎ᠠ ᠶᠢᠨ 15 ᠤ ᠡᠳᠦᠷ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠶᠢᠨ ᠲᠣᠪᠴᠢᠶ᠎ᠠ ᠨᠢ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠮᠠᠨ ᠤ | ᠬᠤᠰᠢᠭᠤᠨ ᠳᠠᠬᠢ ᠰᠠᠯᠪᠤᠷᠢ ᠪᠠᠩᠬᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠮᠠᠨ ᠤ ᠬᠤᠰᠢᠭᠤᠨ ᠳᠠᠬᠢ | ᠬᠤᠪᠢᠶᠠᠷᠢ ᠺᠣᠮᠫᠠᠨᠢ᠂ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ᠳᠤᠮᠳᠠᠳᠤ ᠤᠯᠤᠰ ᠤᠨ ᠨᠡᠭᠦᠳᠡᠯ | ᠬᠤᠯᠪᠣᠭ᠎ᠠ ᠶᠢᠨ ᠮᠠᠨ ᠤ ᠬᠤᠰᠢᠭᠤᠨ ᠳᠠᠬᠢ ᠬᠤᠪᠢᠶᠠᠷᠢ ᠺᠣᠮᠫᠠᠨᠢ ᠵᠢᠴᠢ ᠬᠤᠩ ᠿᠢ ᠴᠢᠯᠦᠭᠡᠲᠦ ᠳᠡᠯᠭᠡᠭᠦᠷ ᠵᠡᠷᠭᠡ | 14 ᠵᠠᠰᠠᠭ ᠵᠠᠬᠢᠷᠭᠠᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠲᠠᠢ ᠬᠠᠮᠲᠤᠷᠠᠨ ︿︿ | ᠬᠡᠷᠡᠭᠯᠡᠭᠡᠨ ᠤ ᠢᠲᠡᠭᠡᠯ ᠢ ᠨᠡᠮᠡᠭᠳᠡᠭᠦᠯᠬᠦ﹀﹀ ᠪᠠᠷ ᠭᠤᠤᠯ ᠰᠡᠳᠦᠪ ᠪᠣᠯᠭᠠᠭᠰᠠᠨ ︿︿3.15﹀﹀ ᠤ ᠣᠯᠠᠨ ᠤᠯᠤᠰ ᠤᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ ᠃ | ᠠᠵᠢᠯᠯᠠᠭ᠎ᠠ ᠶᠢᠨ ᠠᠬᠤᠶ ᠲᠠᠯᠠᠪᠠᠶ ᠳᠤ᠂ ᠠᠵᠢᠯᠲᠠᠳ ᠥᠷᠭᠡᠨ ᠣᠯᠠᠨ ᠬᠡᠷᠡᠭᠯᠡᠭᠴᠢᠳ ᠲᠤ ᠪᠥᠬᠦ ᠬᠤᠰᠢᠭᠤᠨ | ᠤ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠦᠷ᠎ᠡ ᠪᠦᠲᠦᠭᠡᠯ ᠢ ᠲᠠᠨᠢᠯᠴᠠᠭᠤᠯᠤᠭᠰᠠᠨ | ᠪᠥᠭᠡᠳ ᠠᠰᠠᠭᠤᠨ ᠯᠠᠪᠯᠠᠬᠤ ᠲᠠᠪᠴᠠᠩ ᠲᠣᠬᠢᠷᠠᠭᠤᠯᠵᠤ᠂ ᠤᠬᠠᠭᠤᠯᠭ᠎ᠠ ᠶᠢᠨ ᠤᠷᠢᠶ᠎ᠠ ᠯᠣᠽᠦ᠋ᠩ ᠡᠯᠭᠦᠨ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠤᠬᠠᠭᠤᠯᠭ᠎ᠠ ᠬᠢᠪᠡ᠃ ᠡᠭᠦᠨ ᠤ ᠬᠠᠮᠲᠦ᠂ ᠬᠤᠳᠠᠯ ᠬᠠᠭᠤᠷᠮᠠᠭ ᠴᠢᠨᠠᠷ ᠮᠠᠭᠤ ᠪᠠᠷᠠᠭ᠎ᠠ ᠲᠠᠸᠠᠷ ᠢ | ᠲᠥᠪᠯᠡᠷᠡᠭᠦᠯᠦᠨ ᠤᠰᠠᠳᠬᠠᠬᠤ ᠪᠠᠷ ᠳᠠᠮᠵᠢᠭᠤᠯᠤᠨ᠂ ᠬᠡᠷᠡᠭᠯᠡᠭᠴᠢᠳ ᠤᠨ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠪᠡ ᠃ | ᠣᠳᠣᠬᠠᠨ ᠤ ᠣᠯᠠᠨ ᠲᠦᠮᠡᠨ ᠤ ᠲᠤᠰᠬᠠᠭᠰᠠᠨ ᠬᠡᠷᠡᠭᠯᠡᠭᠡᠨ ᠤ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ | ᠳᠤ ᠴᠢᠭᠯᠡᠭᠦᠯᠦᠨ᠂ ᠠᠷᠠᠳ ᠤᠨ ᠠᠮᠢᠳᠤᠷᠠᠯ ᠲᠠᠢ ᠬᠤᠯᠪᠣᠭᠳᠠᠬᠤ ᠭᠤᠤᠯᠳᠠᠯᠭ᠎ᠠ ᠲᠠᠢ ᠠᠵᠢᠯ ᠲᠥᠷᠥᠯ ᠤᠨ | ᠲᠣᠭᠤᠷᠢᠨ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠲᠣᠮᠣ ᠬᠡᠯᠪᠡᠷᠢ | ᠶᠢᠨ ᠬᠤᠳᠠᠯᠳᠤᠭ᠎ᠠ ᠳᠡᠯᠭᠡᠭᠦᠷ᠂ ᠡᠮ ᠤᠨ ᠰᠠᠩ ᠳᠤ ᠭᠦᠨᠵᠡᠭᠡᠶᠢᠷᠡᠨ ᠵᠠᠬ᠎ᠠ ᠳᠡᠯᠭᠡᠭᠦᠷ ᠤᠨ ᠲᠤᠰᠬᠠᠶ ᠲᠥᠷᠥᠯ ᠤᠨ | ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠵᠤ᠂ ᠮᠠᠨ ᠤ | ᠬᠤᠰᠢᠭᠤᠨ ᠤ ᠬᠡᠷᠡᠭᠯᠡᠭᠡᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠪᠥᠬᠦ ᠬᠤᠰᠢᠭᠤᠨ | ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠪᠡ ᠃ | ᠣᠶᠢᠯᠠᠭᠠᠭᠰᠠᠨ ᠢᠶᠠᠷ᠂ 2022 ᠣᠨ ᠳᠤ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ 304 ᠬᠤᠪᠢ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠶᠳᠪᠦᠷᠢᠯᠡᠨ᠂ | ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠰᠢᠶᠳᠪᠦᠷᠢᠯᠡᠭᠰᠡᠨ ᠨᠣᠷᠮ᠎ᠠ 100 % ᠳᠤ ᠬᠦᠷᠴᠦ᠂ | ᠵᠠᠭᠠᠯᠳᠤᠭᠰᠠᠨ ᠵᠠᠭᠠᠯᠳᠤᠯᠭ᠎ᠠ ᠶᠢᠨ ᠲᠤᠭ᠎ᠠ ᠪᠠᠷ ᠠᠷᠢᠬᠢᠨ ᠲᠥᠷᠥᠯ᠂ ᠡᠳᠦᠷ ᠲᠤᠲᠤᠮ ᠤᠨ ᠠᠮᠢᠳᠤᠷᠠᠯ ᠤᠨ ᠬᠡᠷᠡᠭᠰᠡᠯ | ᠤᠨ ᠲᠥᠷᠥᠯ᠂ ᠤᠯᠠᠭᠠᠨ ᠢᠳᠡᠭᠡᠨ ᠤ ᠲᠥᠷᠥᠯ ᠲᠦᠷᠦᠭᠦᠤ ᠭᠤᠷᠪᠠ ᠳᠤ ᠵᠢᠭᠰᠠᠭᠠᠭᠳᠠᠵᠤ᠂ 4 ᠬᠡᠷᠡᠭ ᠢ ᠬᠡᠷᠡᠭ | ᠪᠣᠯᠭᠠᠨ ᠳᠡᠩᠰᠡᠯᠡᠵᠦ ᠪᠠᠶᠢᠴᠠᠭᠠᠨ ᠰᠢᠶᠳᠪᠦᠷᠢᠯᠡᠵᠦ᠂ ᠨᠡᠶᠢᠲᠡ 1 . 57 ᠲᠦᠮᠡᠨ ᠲᠥᠭᠦᠷᠢᠭ ᠲᠣᠷᠭᠠᠵᠤ ᠬᠤᠷᠢᠶᠠᠨ | ᠠᠪᠴᠠᠶ ᠃ | 2023 ᠣᠨ ᠠᠴᠠ ᠣᠲᠣ ᠪᠣᠯᠲᠠᠯ᠎ᠠ᠂ ᠨᠡᠶᠢᠲᠡ ᠣᠯᠠᠨ ᠲᠦᠮᠡᠨ ᠤ ᠢᠯᠡᠴᠢᠯᠡᠨ ᠵᠠᠭᠠᠯᠳᠤᠭᠰᠠᠨ 18 | ᠬᠡᠷᠡᠭᠢ ᠭᠥᠯᠢᠶᠡᠨ ᠠᠪᠴᠤ᠂ 2 ᠬᠡᠷᠡᠭ ᠢ ᠬᠡᠷᠡᠭ ᠪᠣᠯᠭᠠᠨ ᠳᠡᠩᠰᠡᠯᠡᠵᠦ ᠪᠠᠶᠢᠴᠠᠭᠠᠨ ᠰᠢᠶᠳᠪᠦᠷᠢᠯᠡᠵᠦ᠂ 1 . 33 | ᠲᠦᠮᠡᠨ ᠲᠥᠭᠦᠷᠢᠭ ᠲᠣᠷᠭᠠᠵᠤ ᠬᠤᠷᠢᠶᠠᠨ ᠠᠪᠴᠠᠢ᠃ ᠵᠠᠭᠠᠯᠳᠤᠯᠭ᠎ᠠ ᠨᠢ ᠭᠤᠤᠯᠳᠠᠭᠤ ᠪᠠᠷᠠᠭᠠᠨ ᠤ ᠭᠦᠶᠯᠭᠡᠭᠡᠨ ᠤ | ᠬᠦᠷᠢᠶᠡᠨ ᠳᠠᠬᠢ ᠲᠣᠭᠲᠠᠭᠠᠯ ᠠᠴᠠ ᠵᠥᠷᠢᠴᠡᠨ ᠰᠦᠶᠳᠬᠡᠯ ᠬᠤᠷᠢᠶᠠᠭᠰᠠᠨ ᠵᠢᠴᠢ ᠬᠠᠭᠤᠷᠮᠠᠭ ᠮᠠᠭᠤ ᠡᠯᠧᠺᠲᠷᠣᠨ | ᠲᠠᠮᠠᠬᠢᠨ ᠤ ᠦᠶᠯᠡᠳᠬᠦᠨ ᠳᠤ ᠲᠥᠪᠯᠡᠷᠡᠵᠡᠶ᠃ | |