ᠮᠠᠨ ᠤ ᠬᠤᠰᠢᠭᠤ ᠬᠠᠭᠤᠴᠢᠨ ᠬᠡᠪ ᠰᠤᠷᠲᠠᠯ ᠤᠨ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠤᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠦᠷᠨᠢᠭᠦᠯᠪᠡ
ᠨᠡᠶᠢᠲᠡᠯᠡᠭᠰᠡᠨ ᠴᠠᠭ᠄
2023/3/24
      3 ᠳ᠋ᠤᠭᠠᠷ ᠰᠠᠷ᠎ᠠ ᠶᠢᠨ 16 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ ᠡᠵᠢᠨᠠᠭᠤᠷ ᠪᠠᠯᠭᠠᠰᠤᠨ ᠳᠤ ᠭᠦᠨᠵᠡᠭᠡᠶᠢᠷᠡᠵᠦ᠂ ᠵᠢᠯ ᠤᠰᠤ ᠶᠢ ᠶᠡᠭᠡ ᠪᠠᠷ ᠣᠷᠤᠭᠤᠯᠬᠤ᠂ ᠨᠠᠶᠢᠷ ᠲᠠᠯ᠎ᠠ ᠶᠢ ᠠᠳᠠᠯᠢᠳᠬᠠᠬᠤ ᠵᠡᠷᠭᠡ ᠮᠠᠯᠵᠢᠬᠤ ᠣᠷᠣᠨ ᠤ ᠬᠡᠪ ᠰᠤᠷᠲᠠᠯ  ᠤᠨ ᠬᠦᠷᠢᠶᠡᠨ ᠤ ᠲᠣᠪᠣᠶᠢᠮ᠎ᠠ ᠠᠰᠠᠭᠤᠳᠠᠯ ᠢ ᠪᠠᠶᠢᠴᠠᠭᠠᠨ ᠰᠣᠳᠣᠯᠠᠪᠠ᠃      ᠪᠠᠶᠢᠴᠠᠭᠠᠨ ᠰᠤᠳᠤᠯᠤᠯᠲᠠ ᠨᠢ ᠶᠠᠷᠢᠯᠴᠠᠬᠤ ᠬᠤᠷᠠᠯ ᠤᠨ ᠬᠡᠯᠪᠡᠷᠢ ᠪᠠᠷ ᠳᠠᠮᠵᠢᠭᠤᠯᠤᠨ᠂ ᠲᠠᠩᠰᠠ ᠪᠤᠳᠤᠵᠤ ᠡᠳ᠋ ᠤᠨ ᠶᠠᠪᠤᠳᠠᠯ ᠬᠠᠮᠢᠶᠠᠷᠤᠭᠰᠠᠨ ᠨᠡᠶᠢᠲᠡᠯᠢᠭ ᠡᠷᠦᠬᠡ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠭᠠᠴᠠᠭᠠᠨ ᠤ ᠠᠬᠠᠮᠠᠳ ᠨᠠᠮ ᠤᠨ ᠭᠡᠰᠢᠭᠦᠨ᠂ ᠠᠷᠠᠳ ᠤᠨ ᠲᠥᠯᠥᠭᠡᠯᠡᠭᠴᠢ ᠵᠡᠷᠭᠡ ᠲᠠᠢ ᠨᠢᠭᠤᠷᠲᠠᠨ ᠶᠠᠷᠢᠯᠴᠠᠵᠤ᠂ ᠵᠢᠯ ᠤᠰᠤ ᠶᠢ ᠶᠡᠭᠡ ᠪᠠᠷ ᠣᠷᠤᠭᠤᠯᠬᠤ᠂ ᠪᠦᠷᠢᠯᠭᠡᠨ ᠰᠦᠶᠳᠬᠡᠬᠦ ᠵᠡᠷᠭᠡ ᠪᠠᠶᠢᠳᠠᠯ ᠢ ᠨᠠᠷᠢᠨ ᠲᠣᠳᠣᠷᠬᠠᠶ ᠣᠶᠢᠯᠠᠭᠠᠭᠰᠠᠨ ᠪᠥᠭᠡᠳ ᠬᠡᠪ ᠰᠤᠷᠲᠠᠯ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠤᠨ ᠲᠤᠬᠠᠶ ᠲᠡᠳᠡᠨ ᠤ ᠰᠠᠨᠠᠯ ᠰᠠᠨᠠᠭᠤᠯᠭ᠎ᠠ ᠶᠢ ᠰᠣᠨᠣᠰᠪᠠ  ᠃      ᠰᠠᠷᠠᠭᠤᠯᠲᠤᠶᠠᠭ᠎ᠠ ᠴᠢᠬᠤᠯᠠᠴᠢᠯᠠᠬᠤ ᠳᠠᠭᠠᠨ᠂ ᠡᠵᠢᠨᠠᠭᠤᠷ ᠪᠠᠯᠭᠠᠰᠤᠨ ᠤ ᠨᠠᠮ ᠤᠨ ᠬᠤᠷᠢᠶ᠎ᠠ ᠪᠣᠯᠤᠨ ᠭᠠᠴᠠᠭᠠᠨ ᠤ ᠭᠤᠣᠯ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠶᠢ ᠦᠨᠳᠦᠰᠦᠯᠡᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠡᠪ ᠰᠤᠷᠲᠠᠯ ᠤᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠬᠡᠷᠡᠭᠵᠢᠭᠦᠯᠬᠦ ᠲᠥᠰᠦᠯ ᠢ ᠬᠠᠮᠲᠤᠷᠠᠨ ᠰᠠᠶᠢᠲᠤᠷ ᠲᠣᠭᠲᠠᠭᠠᠵᠤ᠂ ᠵᠢᠯ ᠤᠰᠤ ᠶᠡᠭᠡ ᠪᠠᠷ ᠣᠷᠤᠭᠤᠯᠬᠤ᠂ ᠪᠦᠷᠢᠯᠭᠡᠨ ᠰᠦᠢᠳᠬᠡᠬᠦ ᠵᠡᠷᠭᠡ ᠳᠠᠳᠬᠠᠯ ᠢ ᠪᠦᠲᠦᠮᠵᠢᠲᠡᠢ ᠬᠤᠷᠢᠭᠯᠠᠵᠤ᠂ ᠮᠠᠯᠵᠢᠬᠤ ᠣᠷᠣᠨ ᠤ ᠤᠶᠤᠨ ᠰᠠᠨᠠᠭᠠᠨ ᠤ ᠳᠦᠷᠰᠦ ᠪᠠᠶᠢᠳᠠᠯ ᠢ ᠲᠠᠰᠤᠷᠠᠯᠳᠠ ᠦᠭᠡᠢ ᠰᠠᠶᠢᠵᠢᠷᠠᠭᠤᠯᠵᠤ᠂ ᠠᠵᠢᠯᠴᠢ ᠠᠷᠪᠢᠴᠢ ᠪᠣᠯᠪᠠᠰᠤᠨ ᠬᠡᠪ ᠰᠤᠷᠲᠠᠯ ᠢ ᠢᠳᠡᠪᠬᠢᠲᠡᠢ ᠰᠠᠨᠠᠭᠠᠴᠢᠯᠠᠵᠤ᠂ ᠮᠠᠯᠵᠢᠬᠤ ᠣᠷᠣᠨ ᠤ ᠪᠣᠯᠪᠠᠰᠤᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠨ᠂ ᠤᠯᠠᠨ ᠲᠦᠮᠡᠨ  ᠤ ᠬᠦᠷᠲᠡᠮᠵᠢ ᠶᠢᠨ ᠲᠦᠷᠦᠭᠳᠡᠯ ᠪᠣᠯᠤᠨ  ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号