ᠵᠣᠬᠢᠶᠠᠯᠴᠢ ᠱᠧᠨ ᠱᠢ ᠰᠢ ᠶᠢᠨ ᠤᠩᠰᠢᠭᠴᠢᠳ ᠲᠠᠢ ᠪᠠᠨ ᠠᠭᠤᠯᠵᠠᠬᠤ ᠠᠵᠢᠯᠯᠠᠭ᠎ᠠ ᠮᠠᠨ ᠤ ᠬᠤᠰᠢᠭᠤᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2023/3/24
      ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠨᠣᠮ ᠤᠨ ᠰᠠᠩ᠂ ᠶᠤᠸᠠᠢ ᠯᠢ ᠹᠠᠩ ᠵᠢᠴᠢ ᠵᠧᠵᠢᠶᠠᠩ ᠤᠨ ᠪᠠᠭᠠᠴᠤᠳ ᠬᠡᠦᠬᠡᠳ ᠤᠨ ᠬᠡᠪᠯᠡᠯ ᠤᠨ ᠬᠤᠷᠢᠶ᠎ᠠ ᠠᠴᠠ ᠬᠠᠮᠲᠤᠷᠠᠨ ᠡᠷᠭᠢᠯᠡᠭᠰᠡᠨ ᠵᠣᠬᠢᠶᠠᠯᠴᠢ ᠱᠧᠨ ᠱᠢ ᠰᠢ ᠶᠢᠨ ᠤᠩᠰᠢᠭᠴᠢᠳ ᠲᠠᠢ ᠪᠠᠨ ᠠᠭᠤᠯᠵᠠᠬᠤ ᠠᠵᠢᠯᠯᠠᠭ᠎ᠠ 3 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠬᠤᠰᠢᠭᠤ ᠤᠯᠠᠭᠠᠨᠮᠥ᠋ᠴᠢᠷ ᠤᠨ ᠮᠡᠳᠡᠭᠦᠯᠦᠯᠲᠡ ᠶᠢᠨ ᠲᠢᠩᠬᠢᠮ ᠪᠠ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ  ᠶᠢᠨ ᠲᠢᠩᠬᠢᠮ ᠳᠤ ᠶᠠᠪᠤᠭᠳᠠᠪᠠ  ᠃
     ᠠᠵᠢᠯᠯᠠᠭᠠᠨ ᠤ ᠲᠤᠬᠠᠢ ᠶᠢᠨ ᠲᠠᠯᠠᠪᠠᠢ ᠳᠤ᠂  ︽ᠳᠤᠮᠳᠠᠳᠤ ᠤᠯᠤᠰ ᠤᠨ ᠠᠮᠢᠳᠠᠨ ᠤ ᠦᠯᠢᠭᠡᠷ ᠤᠨ ᠵᠣᠬᠢᠶᠠᠯᠴᠢ︾ ᠱᠧᠨ ᠱᠢ ᠰᠢ ᠠᠴᠠ ︽ᠠᠮᠢᠳᠠᠨ ᠤ ᠶᠢᠷᠲᠢᠨᠴᠦ ᠶᠢᠨ ᠶᠡᠷᠦ ᠪᠤᠰᠤ ᠶᠢᠨ ᠴᠠᠭ ᠠᠭᠤᠷ︾ ᠭᠡᠬᠦ ᠰᠡᠳᠦᠪ ᠢᠶᠠᠷ᠂ ᠠᠮᠢᠳᠠᠨ ᠤ ᠶᠢᠷᠲᠢᠨᠴᠦ ᠶᠢᠨ ᠦᠯᠢᠬᠡᠷ ᠠᠴᠠ ᠶᠠᠷᠢᠬᠤ ᠪᠠᠷ ᠳᠠᠮᠵᠢᠭᠤᠯᠤᠨ ᠲᠤᠬᠠᠢ ᠶᠢᠨ ᠲᠠᠯᠠᠪᠠᠢ ᠶᠢᠨ ᠤᠩᠰᠢᠭᠴᠢᠳ ᠲᠤ ᠥᠪᠡᠷ ᠤᠨ ᠵᠣᠬᠢᠶᠠᠨ ᠪᠦᠲᠦᠭᠡᠭᠰᠡᠨ ᠶᠠᠪᠤᠴᠠ ᠪᠣᠯᠤᠨ ᠣᠯᠤᠯᠲᠠ ᠲᠦᠷᠦᠭᠳᠡᠯ ᠢᠶᠠᠨ ᠬᠤᠪᠢᠶᠠᠯᠴᠠᠵᠤ᠂ ᠪᠢᠴᠢᠬᠠᠨ ᠤᠩᠰᠢᠭᠴᠢᠳ ᠤᠨ ᠠᠮᠢᠳᠠᠨ ᠭᠤᠣᠯᠳᠠᠨ ᠳᠤ ᠬᠠᠨᠳᠤᠬᠤ᠂ ᠪᠠᠶᠢᠭᠠᠯᠢ ᠳᠡᠯᠡᠬᠡᠢ ᠳᠤ ᠪᠠᠨ ᠬᠠᠨᠳᠤᠬᠤ ᠣᠪᠤᠷ ᠰᠡᠳᠬᠢᠯᠭᠡ ᠶᠢ ᠬᠦᠮᠦᠵᠢᠭᠦᠯᠵᠡᠢ  ᠃
     ᠡᠭᠦᠨ ᠤ ᠬᠠᠮᠲᠦ ᠪᠠᠰᠠ ᠪᠢᠴᠢᠬᠠᠨ ᠤᠩᠰᠢᠭᠴᠢᠳ ᠲᠠᠢ ᠰᠠᠨᠠᠯ ᠪᠣᠳᠤᠯ ᠢᠶᠠᠨ ᠰᠣᠯᠢᠯᠴᠠᠨ᠂ ᠪᠢᠴᠢᠬᠠᠨ ᠤᠩᠰᠢᠭᠴᠢᠳ ᠵᠣᠬᠢᠶᠠᠯᠴᠢ ᠠᠴᠠ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠲᠤᠬᠠᠶ ᠶᠢᠨ ᠲᠠᠯᠠᠪᠠᠢ ᠶᠢᠨ ᠠᠭᠤᠷ ᠠᠮᠢᠰᠬᠤᠯ ᠮᠠᠰᠢ ᠬᠥᠷ ᠬᠥᠭᠵᠢᠶᠡᠨ ᠲᠠᠢ ᠪᠠᠶᠢᠯ᠎ᠠ  ᠃
     ᠭᠠᠷ ᠤᠨ ᠦᠰᠦᠭ ᠵᠢᠷᠤᠬᠤ ᠠᠵᠢᠯᠯᠠᠭ᠎ᠠ ᠳᠤᠮᠳᠠ᠂ ᠵᠣᠬᠢᠶᠠᠯᠴᠢ ᠱᠧᠨ ᠱᠢ ᠰᠢ ᠠᠴᠠ ᠭᠠᠷ ᠤᠨ ᠦᠰᠦᠭ  ᠢᠶᠠᠨ ᠵᠢᠷᠤᠬᠤ ᠶᠢᠨ ᠳᠠᠭᠠᠤ ᠪᠢᠴᠢᠬᠠᠨ ᠤᠩᠰᠢᠭᠴᠢᠳ ᠲᠠᠢ ᠳᠣᠲᠣᠨᠣ ᠪᠠᠷ ᠶᠠᠷᠢᠯᠴᠠᠵᠤ᠂ ︽ᠴᠢᠷᠮᠠᠶ︾᠂ ︽ᠤᠩᠰᠢᠯᠭ᠎ᠠ ᠬᠥᠮᠦᠨ ᠤ ᠠᠮᠢᠳᠤᠷᠠᠯ ᠢ ᠭᠡᠷᠡᠯᠲᠦᠭᠦᠯᠦᠨ᠎ᠡ︾ ᠵᠡᠷᠭᠡ ᠦᠭᠡᠰ ᠢ ᠨᠣᠮ ᠤᠨ ᠢᠶᠠᠨ ᠳᠣᠲᠣᠭᠠᠳᠤ ᠨᠢᠭᠤᠷ ᠲᠤ ᠪᠢᠴᠢᠵᠦ ᠥᠭᠭᠦᠨ᠂ ᠰᠤᠷᠤᠭᠴᠢᠳ ᠢ ᠬᠦᠰᠡᠯ ᠵᠡᠭᠦᠳᠦ ᠪᠠᠨ ᠪᠠᠷᠢᠮᠲᠠᠯᠠᠵᠤ᠂ ᠰᠢᠷᠭᠠᠭᠤ ᠰᠤᠷᠤᠯᠴᠠᠬᠤ ᠶᠢ ᠵᠣᠷᠢᠭᠵᠢᠭᠤᠯᠪᠠ᠃
     ᠲᠤᠰ ᠣᠳᠠᠭᠠᠨ ᠤ ᠤᠩᠰᠢᠭᠴᠢᠳ ᠲᠠᠢ ᠠᠭᠤᠯᠵᠠᠬᠤ ᠠᠵᠢᠯᠯᠠᠭ᠎ᠠ ᠨᠢ ᠮᠠᠨ ᠤ ᠬᠤᠰᠢᠭᠤᠨ ᠤ ᠨᠣᠮ ᠤᠨ ᠰᠠᠩ ᠤᠨ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠵᠡᠩᠨᠡᠯᠲᠡ ᠶᠢᠨ ᠠᠷᠭ᠎ᠠ ᠬᠡᠯᠪᠡᠷᠢ ᠪᠠᠨ ᠰᠢᠨᠡᠴᠢᠯᠡᠭᠰᠡᠨ ᠨᠢᠭᠡ ᠵᠦᠢᠯ ᠤᠨ ᠢᠯᠡᠷᠡᠯ ᠪᠣᠯᠤᠨ᠎ᠠ᠃ ᠮᠠᠨ ᠤ ᠬᠤᠰᠢᠭᠤ ᠪᠦᠬᠦ ᠠᠷᠠᠳ ᠤᠨ ᠨᠣᠮ ᠤᠩᠰᠢᠬᠤ ᠠᠵᠢᠯ ᠢ ᠢᠳᠡᠪᠬᠢᠲᠡᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠨᠣᠮ ᠤᠨ ᠰᠠᠩ ᠢ 2022 ᠣᠨ ᠤ 9 ᠰᠠᠷ᠎ᠠ  ᠳᠤ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠨᠣᠮ ᠤᠨ ᠰᠠᠩ ᠳᠤ ᠪᠠᠨ ᠤᠯᠠᠨ ᠠᠷᠪᠢᠨ ᠤᠨᠴᠠᠯᠢᠬᠳᠤ ᠨᠣᠮ ᠤᠩᠰᠢᠬᠤ ᠣᠷᠣᠨ ᠵᠠᠢ ᠵᠢᠴᠢ ᠤᠯᠠᠨ ᠰᠠᠭᠤᠷᠢ ᠲᠡᠷᠢᠭᠦᠨ ᠤ ᠡᠯᠧᠺᠲᠷᠣᠨ ᠲᠥᠬᠦᠭᠡᠷᠦᠮᠵᠢ ᠶᠢ ᠲᠤᠬᠢᠷᠠᠭᠤᠯᠵᠤ᠂ ᠰᠢᠨ᠎ᠡ ᠬᠡᠯᠪᠡᠷᠢ ᠶᠢᠨ ᠠᠵᠤ ᠦᠢᠯᠡᠰ ᠤᠨ ᠵᠠᠭᠪᠤᠷ ᠨᠢ ᠴᠦ ᠨᠡᠩ ᠤᠯᠠᠨ ᠬᠥᠮᠦᠰ ᠤᠨ ᠨᠣᠮ ᠤᠩᠰᠢᠬᠤ ᠶᠢ ᠪᠡᠶᠡᠴᠢᠯᠡᠨ ᠣᠶᠢᠯᠠᠭᠠᠬᠤ ᠰᠣᠨᠢᠷᠬᠠᠯ ᠢ ᠲᠠᠲᠠᠵᠠᠢ᠃ ᠬᠤᠶᠢᠰᠢᠳᠠ᠂ ᠮᠠᠨ ᠤ ᠬᠤᠰᠢᠭᠤ ᠨᠢ ᠨᠠᠩ ᠣᠯᠠᠨ ᠥᠪᠡᠷᠮᠢᠴᠡ ᠂ ᠣᠯᠠᠨ ᠶᠠᠩᠵᠤ ᠶᠢᠨ ᠣᠯᠠᠨ ᠨᠡᠶᠢᠲᠡ ᠶᠢᠨ ᠰᠣᠶᠣᠯ ᠤᠨ ᠦᠶᠯᠡᠴᠢᠯᠡᠭᠡ ᠬᠠᠩᠭᠠᠵᠤ᠂ ᠬᠥᠮᠦᠰ ᠤᠨ ᠣᠯᠠᠨ ᠶᠠᠩᠵᠤ  ᠶᠢᠨ᠂ ᠣᠯᠠᠨ ᠲᠠᠰ ᠳᠠᠪᠬᠤᠷᠭ᠎ᠠ ᠶᠢᠨ᠂ ᠣᠯᠠᠨ ᠲᠠᠯ᠎ᠠ ᠶᠢᠨ ᠣᠶᠤᠨ ᠤ ᠰᠣᠶᠣᠯ ᠤᠨ ᠬᠡᠷᠡᠭᠴᠡᠭᠡ ᠶᠢ ᠲᠠᠰᠤᠷᠠᠯᠲᠠ ᠥᠬᠡᠶ ᠬᠠᠩᠭᠠᠵᠤ᠂ ᠠᠷᠠᠳ ᠣᠯᠠᠨ ᠤ ᠰᠣᠶᠣᠯ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ  ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号