2023 ᠣᠨ ᠤ ᠰᠢᠯᠢ ᠶᠢᠨ ᠭᠤᠤᠯ ᠠᠶᠢᠮᠠᠭ ᠤᠨ ᠨᠣᠮ ᠤᠨ ᠰᠠᠩ ᠤᠨ ᠠᠵᠢᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/3/24
     3 ᠳ᠋ᠤᠭᠠᠷ ᠰᠠᠷ᠎ᠠ ᠶᠢᠨ 17 ᠤ ᠡᠳᠦᠷ᠂ 2023 ᠣᠨ ᠤ ᠰᠢᠯᠢ ᠶᠢᠨ ᠭᠤᠤᠯ ᠠᠶᠢᠮᠠᠭ ᠤᠨ ᠨᠣᠮ ᠤᠨ ᠰᠠᠩ ᠤᠨ ᠠᠵᠢᠯ ᠤᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ᠃
     ᠲᠤᠬᠠᠢ ᠶᠢᠨ ᠡᠳᠦᠷ ᠤᠨ ᠦᠳᠡ ᠶᠢᠨ ᠡᠮᠦᠨ᠎ᠡ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠵᠡᠭᠦᠨ ᠦᠵᠦᠮᠦᠴᠢᠨ ᠬᠤᠰᠢᠭᠤᠨ ᠤ ᠨᠣᠮ ᠤᠨ ᠰᠠᠩ᠂ ᠮᠠᠨᠳᠤᠬᠤ ᠨᠡᠶᠢᠭᠡᠮ ᠲᠣᠭᠤᠷᠢᠭ ᠲᠤ ᠬᠦᠷᠴᠦ᠂ ᠨᠣᠮ ᠤᠨ ᠰᠠᠩ  ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠪᠠᠭᠠᠴᠤᠳ ᠬᠡᠦᠬᠡᠳ ᠤᠨ ᠵᠢᠭᠡᠯᠡᠨ ᠤᠩᠰᠢᠬᠤ ᠲᠠᠰᠤᠭ᠂ ᠤᠨᠴᠠᠯᠢᠭᠳᠤ ᠰᠤᠷᠪᠤᠯᠵᠢ ᠪᠢᠴᠢᠭ ᠤᠨ ᠲᠠᠰᠤᠭ᠂ ᠣᠯᠠᠨ ᠴᠢᠳᠠᠮᠵᠢᠲᠤ ᠵᠠᠭᠤᠴᠢᠯᠠᠭᠤᠷ ᠤᠨ ᠮᠡᠳᠡᠭᠦᠯᠦᠯᠲᠡ ᠶᠢᠨ ᠲᠢᠩᠬᠢᠮ ᠵᠡᠷᠭᠡ ᠪᠣᠯᠣᠨ ᠨᠡᠶᠢᠭᠡᠮ ᠲᠣᠭᠤᠷᠢᠭ ᠤᠨ ᠨᠡᠭᠦᠳᠡᠯ ᠨᠣᠮ ᠪᠢᠴᠢᠭ ᠤᠨ ᠦᠶᠯᠡᠴᠢᠯᠡᠭᠡᠨ ᠤ ᠴᠡᠭ ᠢ ᠲᠣᠭᠤᠷᠢᠨ ᠦᠵᠡᠵᠦ᠂ ᠮᠠᠨ ᠤ ᠬᠤᠰᠢᠭᠤᠨ ᠤ ᠨᠣᠮ ᠤᠨ ᠰᠠᠩ ᠤᠨ ᠣᠶᠤᠨᠴᠢᠯᠠᠭᠰᠠᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ᠂ ᠤᠩᠰᠢᠭᠴᠢᠳ ᠤᠨ ᠦᠶᠯᠡᠴᠢᠯᠡᠭᠡ ᠵᠡᠷᠭᠡ ᠠᠵᠢᠯ ᠤᠨ ᠪᠠᠶᠢᠳᠠᠯ ᠵᠢᠴᠢ ᠪᠥᠬᠦ ᠠᠷᠠᠳ ᠤᠨ ᠤᠩᠰᠢᠯᠭ᠎ᠠ ᠶᠢᠨ ᠠᠵᠢᠯ ᠢ ᠠᠬᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃ ᠡᠨᠡ ᠬᠦ ᠬᠤᠭᠤᠴᠠᠭᠠᠨ ᠳᠤ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠵᠣᠷᠢᠭᠲᠤ ︿︿ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ  ᠶᠢ ᠠᠬᠢᠭᠤᠯᠤᠶ᠎ᠠ﹀﹀ ᠭᠡᠬᠦ ᠰᠡᠳᠦᠪ ᠢᠶᠠᠷ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠤᠩᠰᠢᠯᠭ᠎ᠠ ᠶᠢ ᠳᠡᠯᠭᠡᠷᠡᠭᠦᠯᠬᠦ ᠬᠡᠯᠲᠡᠰ ᠤᠨ ᠡᠷᠬᠢᠯᠡᠭᠴᠢ᠂ ᠳᠡᠳ᠋ ᠰᠤᠳᠤᠯᠤᠭᠴᠢ ᠵᠠᠩ ᡁᠢ ᠵᠢᠶᠦ᠋ᠨ ︿︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠯᠠᠨ ᠨᠡᠶᠢᠲᠡ  ᠶᠢᠨ ᠨᠣᠮ ᠤᠨ ᠰᠠᠩ ᠤᠨ ᠬᠠᠤᠯᠢ﹀﹀ ᠳᠤ ᠲᠠᠶᠢᠯᠤᠮᠵᠢ ᠬᠢᠨ᠂ ᠤᠩᠰᠢᠯᠭ᠎ᠠ ᠶᠢ ᠳᠡᠯᠭᠡᠷᠡᠭᠦᠯᠬᠦ ᠲᠤᠬᠠᠶᠢᠯᠠᠭᠰᠠᠨ ᠠᠵᠢᠯ  ᠤᠨ ᠪᠣᠯᠪᠠᠰᠤᠷᠠᠯ ᠬᠦᠷᠲᠡᠭᠡᠵᠦ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ( ᠲᠣᠭᠤᠷᠢᠭ ) ᠶᠢᠨ ᠨᠣᠮ  ᠤᠨ ᠰᠠᠩ ᠤᠨ ᠳᠠᠷᠤᠭ᠎ᠠ᠂ ᠪᠥᠬᠦ ᠠᠷᠠᠳ ᠤᠨ ᠤᠩᠰᠢᠯᠭ᠎ᠠ ᠶᠢ ᠠᠬᠢᠭᠤᠯᠬᠤ ᠨᠡᠶᠢᠭᠡᠮᠯᠢᠭ ᠤᠨ ᠬᠠᠷᠢᠭᠤᠴᠠᠯᠭᠠᠲᠠᠨ ᠠᠴᠠ ᠨᠣᠮ ᠤᠨ ᠰᠠᠩ ᠤᠨ ᠤᠶᠤᠨᠴᠢᠯᠠᠯᠲᠠ ᠶᠢᠨ ᠪᠠᠶᠢᠭᠤᠯᠤᠯᠲᠠ ᠶᠢ ᠠᠬᠢᠭᠤᠯᠬᠤ ᠶᠢᠨ ᠲᠣᠭᠤᠷᠢᠨ ᠳᠤ ᠶᠠᠷᠢᠯᠴᠠᠵᠤ ᠰᠠᠨᠠᠯ ᠢᠶᠠᠨ ᠰᠣᠯᠢᠯᠴᠠᠪᠠ  ᠃
     ᠲᠣᠭᠤᠷᠢᠨ ᠦᠵᠡᠬᠦ ᠶᠠᠪᠤᠴᠠ ᠳᠤ ᠣᠯᠠᠨ ᠢᠶᠠᠷ ᠢᠶᠠᠨ ᠬᠢᠨᠠᠮᠠᠭᠠᠢ ᠰᠤᠨᠣᠰᠤᠨ ᠨᠠᠷᠢᠨ ᠦᠵᠡᠵᠦ᠂  ᠬᠠᠷᠢᠯᠴᠠᠨ ᠰᠤᠷᠤᠯᠴᠠᠨ᠂ ᠨᠣᠮ ‍ᠤᠨ‌‍ᠰᠠᠩ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ  ᠪᠣᠳᠤᠯ ᠲᠥᠷᠥᠭᠳᠡᠯ ᠢᠶᠠᠨ ᠶᠠᠷᠢᠵᠤ᠂ ᠠᠷᠭ᠎ᠠ ᠬᠡᠮᠵᠢᠶ᠎ᠡ ᠶᠢ ᠵᠥᠪᠯᠡᠨ᠎ᠡ᠃
     ᠲᠣᠰ ᠤᠳᠠᠭᠠᠨ ᠤ ᠲᠣᠭᠤᠷᠢᠨ‌ᠦᠵᠡᠵᠦ ᠰᠤᠷᠤᠯᠴᠠᠬᠤ ᠪᠠᠷ ᠳᠡᠮᠵᠢᠨ᠂ ᠨᠣᠮ ᠤᠨ ᠰᠠᠩ ᠤᠨ ᠠᠵᠢᠯᠲᠠᠳ ᠤᠨ ᠲᠤᠬᠠᠶᠢᠯᠠᠭᠰᠠᠨ ᠠᠵᠢᠯ ᠤᠨ ᠬᠢᠷᠢ ᠲᠦᠪᠰᠢᠨ᠂ ᠠᠵᠢᠯ ᠤᠨ ᠤᠷ᠎ᠠ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ( ᠲᠣᠭᠤᠷᠢᠭ ) ᠶᠢᠨ ᠨᠣᠮ ᠤᠨ ᠰᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠰᠤᠷᠤᠯᠴᠠᠵᠤ ᠬᠠᠷᠢᠯᠴᠠᠨ  ᠲᠣᠯᠢ ᠪᠣᠯᠭᠠᠬᠤ ᠶᠢ ᠴᠢᠩᠭᠠᠳᠬᠠᠵᠤ᠂ ᠣᠷᠣᠨ ᠨᠤᠲᠤᠭ ᠤᠨ ᠪᠥᠬᠦ ᠠᠷᠠᠳ ᠤᠨ ᠨᠣᠮ ᠤᠩᠰᠢᠬᠤ᠂  ᠨᠣᠮ ᠤᠨ ᠬᠡᠰᠢᠭᠲᠦ ᠨᠡᠶᠢᠭᠡᠮ ᠢ ᠡᠭᠦᠳᠦᠨ ᠪᠠᠶᠢᠭᠤᠯᠬᠤ ᠶᠢ ᠠᠬᠢᠭᠤᠯᠬᠤ ᠳᠤ ᠨᠣᠮ ᠤᠨ ᠰᠠᠩ ᠤᠨ ᠬᠦᠴᠦᠨ ᠢ ᠨᠡᠮᠡᠷᠢᠯᠡᠪᠡ᠃
     ᠲᠤᠬᠠᠢ ᠶᠢᠨ ᠡᠳᠦᠷ ᠤᠨ ᠦᠳᠡ ᠶᠢᠨ ᠬᠤᠶᠢᠨ᠎ᠠ ᠲᠤᠰᠬᠠᠶ ᠠᠵᠢᠯ ᠤᠨ ᠬᠤᠷᠠᠯ ᠬᠤᠷᠠᠯᠳᠤᠭᠤᠯᠵᠤ᠂ ᠣᠶᠢᠷ᠎ᠠ  ᠶᠢᠨ ᠵᠢᠯ ᠤᠨ ᠲᠤᠷᠰᠢᠬᠢ ᠪᠥᠬᠦ ᠠᠶᠢᠮᠠᠭ ᠤᠨ ᠣᠯᠠᠨ ᠨᠡᠶᠢᠲᠡ ᠶᠢᠨ ᠨᠣᠮ ᠤᠨ ᠰᠠᠩ ᠤᠨ ᠠᠵᠢᠯ ᠢ ᠳ᠋ᠦᠩᠨᠡᠵᠦ᠂ ᠬᠤᠶᠢᠰᠢᠳᠠ ᠶᠢᠨ ᠨᠢᠭᠡ ᠬᠤᠭᠤᠴᠠᠭᠠᠨ ᠤ ᠣᠯᠠᠨ ᠨᠡᠶᠢᠲᠡ ᠶᠢᠨ ᠨᠣᠮ ᠤᠨ ᠰᠠᠩ ᠤᠨ ᠭᠤᠤᠯᠳᠠᠯᠭ᠎ᠠ‌‍ᠲ᠋ᠠᠶ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ  ᠃      ᠰᠢᠯᠢ ᠶᠢᠨ ᠭᠤᠤᠯ ᠠᠶᠢᠮᠠᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠨᠠᠮ  ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠤᠪᠴᠢᠶᠠᠨ ᠳᠠᠷᠤᠭ᠎ᠠ ᠰᠡᠴᠡᠨᠪᠠᠭᠠᠲᠤᠷ ᠬᠤᠷᠠᠯ ᠡᠷᠭᠢᠯᠡᠭᠰᠡᠨ ᠤ ᠶᠠᠷᠢᠶ᠎ᠠ ᠲᠠᠯᠪᠢᠵᠠᠢ᠃
     ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠪᠠᠶᠠᠷ ᠤᠨ ᠶᠠᠷᠢᠶ᠎ᠠ ᠲᠠᠯᠪᠢᠵᠠᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠣᠮ ᠤᠨ ᠰᠠᠩ ᠤᠨ ᠤᠩᠰᠢᠯᠭ᠎ᠠ ᠶᠢ ᠳᠡᠯᠭᠡᠷᠡᠭᠦᠯᠬᠦ ᠬᠡᠯᠲᠡᠰ ᠤᠨ ᠡᠷᠬᠢᠯᠡᠭᠴᠢ᠂ ᠳᠡᠳ᠋ ᠰᠤᠳᠤᠯᠤᠭᠴᠢ ᠵᠠᠩ ᡁᠢ ᠵᠢᠶᠦ᠋ᠨ ᠵᠢᠴᠢ ᠪᠥᠬᠦ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃      ᠬᠤᠷᠠᠯ ᠠᠴᠠ ᠪᠦᠬᠦ ᠠᠶᠢᠮᠠᠭ ᠤᠨ ᠨᠣᠮ ᠤᠨ ᠰᠠᠩ ᠤᠨ ᠪᠦᠲᠦᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠶᠢ ᠬᠥᠬᠢᠭᠦᠯᠦᠨ ᠰᠠᠶᠢᠰᠢᠶᠠᠪᠠ᠃ ᠡᠭᠦᠨ ᠳᠤ᠂ ᠮᠠᠨ ᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠨᠢ ᠪᠥᠬᠦ ᠠᠶᠢᠮᠠᠭ ᠤᠨ ᠰᠢᠨ᠎ᠡ ᠴᠠᠭ ᠦᠶ᠎ᠡ ᠶᠢᠨ ᠨᠣᠮ ᠤᠨ ᠰᠠᠩ ᠤᠨ ᠪᠥᠲᠥᠭᠡᠨ ᠪᠠᠶᠢᠭᠤᠯᠤᠯᠲᠠ ᠶᠢᠨ ᠵᠢᠱᠢᠶᠡᠴᠢ ᠨᠢᠭᠡᠴᠡ ᠪᠠᠷ ᠱᠠᠩᠨᠠᠭᠳᠠᠵᠤ᠂ ᠬᠤᠰᠢᠭᠤ ᠨᠣᠮ ᠤᠨ ᠰᠠᠩ ᠨᠢ ᠪᠥᠬᠦ ᠠᠶᠢᠮᠠᠭ ᠤᠨ ᠨᠣᠮ ᠤᠨ ᠰᠠᠩ ᠤᠨ ᠣᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ ᠱᠠᠩᠨᠠᠭᠳᠠᠵᠠᠢ᠃
     ᠬᠤᠷᠠᠯ ᠳᠡᠭᠡᠷ᠎ᠡ᠂ ᠮᠠᠨ ᠤ ᠬᠤᠰᠢᠭᠤᠨ ᠤ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ‌ᠡᠴᠠ ᠨᠡᠶᠢᠲᠡᠯᠢᠭ ᠶᠠᠷᠢᠶ᠎ᠠ ᠲᠠᠯᠪᠢᠵᠤ᠂ ᠵᠠᠷᠢᠮ ᠬᠤᠰᠢᠭᠤ ᠰᠢᠶᠠᠨ ᠬᠤᠲᠠ ᠲᠣᠭᠤᠷᠢᠭ ᠤᠨ ᠨᠣᠮ ᠤᠨ ᠰᠠᠩ  ᠤᠨ ᠳᠠᠷᠤᠭ᠎ᠠ ᠠᠴᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ  ᠃      ᠬᠤᠷᠠᠯ ᠠᠴᠠ ᠵᠢᠭᠠᠬᠤ ᠳᠠᠭᠠᠨ᠂ ᠤᠢᠢᠷ᠎ᠠ ᠶᠢᠨ ᠵᠢᠯ ᠳᠤ᠂ ᠪᠦᠬᠦ ᠠᠶᠢᠮᠠᠭ ᠤᠨ ᠨᠣᠮ ᠤᠨ ᠰᠠᠩ‌‍ᠤᠨ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠠᠶᠢᠮᠠᠭ ᠤᠨ ᠤᠯᠠᠨ ᠨᠡᠶᠢᠲᠡ ᠶᠢᠨ ᠨᠣᠮ ᠤᠨ ᠰᠠᠩ ᠤᠨ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠵᠦ᠂ ᠪᠦᠬᠦ ᠠᠷᠠᠳ ᠤᠨ ᠨᠣᠮ ᠤᠩᠰᠢᠬᠤ ᠠᠵᠢᠯᠯᠠᠭ᠎ᠠ ᠭᠦᠨᠵᠡᠭᠡᠢ ᠥᠷᠨᠢᠵᠦ᠂ ᠦᠢᠯᠡᠴᠢᠯᠡᠭᠡᠨ ᠤ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠦᠬᠦ ᠠᠶᠢᠮᠠᠭ ᠤᠨ ᠨᠣᠮ ᠪᠢᠴᠢᠭ ᠤᠨ ᠦᠢᠯᠡᠰ ᠢᠯᠡᠳᠲᠡ ᠦᠷ᠎ᠡ ᠪᠦᠲᠦᠮᠵᠢ ᠣᠯᠵᠤ᠂ ᠠᠷᠠᠳ ᠤᠯᠠᠨ ᠤ ᠰᠣᠶᠣᠯ ᠤᠨ ᠬᠦᠷᠲᠡᠮᠵᠢ  ᠶᠢᠨ ᠲᠦᠷᠦᠭᠳᠡᠯ᠂ ᠵᠤᠯ ᠵᠢᠷᠭᠠᠯᠲᠤ ᠲᠦᠷᠦᠭᠳᠡᠯ ᠲᠠᠰᠤᠷᠠᠯᠳᠡ ᠦᠭᠡᠢ ᠨᠡᠮᠡᠭᠳᠡᠵᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠪᠥᠬᠦ ᠠᠶᠢᠮᠠᠭ ᠤᠨ ᠨᠣᠮ ᠤᠨ ᠰᠠᠩ ᠤᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠲᠤᠭᠤᠰᠢᠯᠠᠭᠤᠯᠵᠤ᠂ ᠨᠣᠮ ᠤᠨ ᠰᠠᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠨᠡᠮᠡᠷᠢᠯᠡᠵᠦ᠂  ︽ᠨᠤᠮ ᠤᠨ ᠬᠡᠰᠢᠭᠲᠦ ᠰᠢᠯᠢ ᠶᠢᠨ ᠭᠤᠤᠯ︾ ᠢ ᠪᠥᠲᠥᠭᠡᠨ ᠪᠠᠶᠢᠭᠤᠯᠬᠤ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ᠃ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠲᠡᠭᠦᠯᠳᠡᠷᠵᠢᠭᠦᠯᠵᠦ᠂ ᠨᠣᠮ ᠤᠨ ᠰᠠᠩ ᠤᠨ ᠶᠡᠷᠦᠩᠬᠡᠶ ᠪᠠ ᠬᠤᠪᠢᠶᠠᠷᠢ ᠣᠷᠳᠣᠨ ᠤ ᠳᠦᠷᠢᠮ ᠢᠶᠠᠷ ᠭᠠᠷᠳᠠᠴᠠ ᠪᠣᠯᠭᠠᠨ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠰᠢᠯᠢᠳᠡᠭᠵᠢᠭᠦᠯᠦᠨ ᠪᠠᠶᠢᠷᠢᠰᠢᠭᠤᠯᠬᠤ ᠬᠡᠷᠡᠭᠲᠡᠶ᠃ ᠬᠤᠳᠠ ᠬᠥᠳᠡᠭᠡ ᠶᠢᠨ ᠤᠯᠠᠨ ᠨᠡᠶᠢᠲᠡ ᠶᠢᠨ ᠰᠣᠶᠣᠯ ᠤᠨ ᠣᠷᠣᠨ‌ᠵᠠᠢ ᠶᠢ ᠰᠢᠨ᠎ᠡ ᠪᠠᠷ ᠡᠭᠦᠳᠦᠨ ᠥᠷᠭᠡᠳᠬᠡᠵᠦ᠂ ᠡᠯ᠎ᠡ ᠭᠠᠵᠠᠷ ᠤᠷᠤᠨ ᠤ ᠣᠨᠴᠠᠯᠢᠭ ᠲᠤ ᠰᠠᠭᠤᠷᠢᠯᠠᠨ᠂ ᠥᠪᠡᠷᠮᠢᠴᠡ ᠣᠨᠴᠠᠯᠢᠭ ᠲᠠᠢ᠂ ᠴᠢᠨᠠᠷ ᠳᠡᠰ ᠲᠠᠢ ᠤᠯᠠᠨ ᠨᠡᠶᠢᠲᠡ ᠶᠢᠨ ᠰᠣᠶᠣᠯ ᠤᠨ ᠣᠷᠣᠨ ᠵᠠᠢ ᠶᠢ ᠪᠤᠢ ᠪᠣᠯᠭᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠥᠷᠭᠡᠳᠬᠡᠨ᠂ ᠪᠣᠳᠠᠲᠤ ᠪᠦᠳᠦᠮᠵᠢᠳᠤ ᠴᠢᠨᠠᠷ ᠢ ᠴᠢᠩᠭᠠᠳᠬᠠᠬᠤ ᠬᠡᠷᠡᠭᠲᠡᠢ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠦᠨᠳᠦᠰᠦᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠠᠮᠢᠳᠤᠷᠠᠯ ᠳᠤ ᠠᠭᠤᠰᠤᠯᠴᠠᠬᠤ ᠵᠢ‌ᠠᠬᠢᠭᠤᠯᠵᠤ᠂ ᠤᠯᠠᠨ ᠲᠦᠮᠡᠨ ᠤ ᠮᠡᠳᠡᠬᠦ ᠨᠤᠷᠮ᠎ᠠ᠂ ᠣᠷᠣᠯᠴᠠᠬᠤ ᠨᠤᠷᠮ᠎ᠠ ᠪᠣᠯᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠨᠣᠮ  ᠤᠨ ᠰᠠᠩ ᠤᠨ ᠲᠣᠭᠠᠴᠢᠯᠠᠭᠰᠠᠨ ᠪᠠᠶᠢᠭᠤᠯᠤᠯᠲᠠ ᠶᠢ ᠠᠬᠢᠭᠤᠯᠵᠤ᠂ ᠤᠶᠤᠨᠲᠤ ᠨᠣᠮ ᠤᠨ ᠰᠠᠩ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠠᠶᠢᠮᠠᠭ ᠢ ᠬᠠᠮᠤᠷᠤᠭᠰᠠᠨ ᠨᠣᠮ ᠤᠨ ᠰᠠᠩ ᠤᠨ ᠤᠶᠤᠨᠲᠤ ᠦᠶᠯᠡᠴᠢᠯᠡᠭᠡ ᠪᠠ ᠬᠠᠮᠢᠶᠠᠷᠤᠯᠲᠠ ᠶᠢᠨ ᠪᠦᠲᠦᠴᠡ ᠶᠢ ᠪᠠᠶᠢᠭᠤᠯᠬᠤ ᠬᠡᠷᠡᠭᠲᠡᠶ᠃ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ  ᠤ ᠤᠨᠴᠠᠯᠢᠬᠳᠤ ᠬᠥᠭᠵᠢᠯᠲᠡ ᠶᠢ ᠠᠬᠢᠭᠤᠯᠵᠤ᠂ ᠨᠣᠮ ᠤᠨ ᠰᠠᠩ ᠤᠨ ᠰᠢᠰᠲ᠋ᠧᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠵᠦᠢᠯ ᠢ ᠲᠤᠬᠠᠢ ᠶᠢᠨ ᠭᠠᠵᠠᠷ ᠤᠨ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠦᠷᠦᠯ ᠲᠡᠮᠳᠡᠭ ᠤᠨ ᠠᠵᠢᠯᠯᠠᠭ᠎ᠠ ᠳᠤ ᠠᠭᠤᠰᠤᠯᠴᠠᠭᠤᠯᠵᠤ᠂ ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠡᠮᠳᠡᠭᠯᠡᠬᠦ ᠪᠠ ᠤᠷᠮᠠᠰᠢᠭᠤᠯᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠨᠢᠭᠡᠨ ᠰᠠᠯᠠᠭ᠎ᠠ ᠬᠤᠷᠴᠠ ᠴᠢᠳᠠᠮᠠᠭᠠᠢ ᠥᠨᠳᠥᠷ ᠪᠦᠲᠦᠮᠵᠢᠲᠡᠢ ᠦᠨᠳᠦᠰᠦᠨ ᠱᠠᠲᠤᠨ ᠤ ᠨᠣᠮ ᠤᠨ ᠰᠠᠩ ᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠰᠣᠶᠣᠯ ᠤᠨ ᠴᠢᠳᠠᠪᠤᠷᠢᠲᠠᠨ ᠢ ᠢᠯᠡᠷᠡᠭᠦᠯᠬᠦ᠂ ᠬᠥᠮᠦᠵᠢᠭᠦᠯᠬᠦ᠂ ᠬᠡᠷᠡᠭᠯᠡᠬᠦ ᠪᠠ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ ᠰᠣᠶᠣᠯ ᠤᠨ ᠡᠩᠨᠡᠭᠡ ᠳᠤ ᠠᠪᠢᠶᠠᠰ ᠴᠢᠳᠠᠪᠤᠷᠢ ᠪᠠᠨ ᠢᠯᠡᠷᠡᠭᠦᠯᠬᠦ ᠲᠠᠪᠴᠠᠩ ᠪᠠᠶᠢᠭᠤᠯᠵᠤ ᠥᠭᠬᠦ ᠬᠡᠷᠡᠭᠲᠡᠢ᠃ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠨ᠎ᠡ ᠴᠠᠭ ᠦᠶ᠎ᠡ ᠶᠢᠨ ᠨᠣᠮ ᠤᠨ ᠰᠠᠩ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠡᠢ᠃      ᠰᠢᠯᠢ ᠶᠢᠨ ᠭᠤᠤᠯ ᠠᠶᠢᠮᠠᠭ ᠤᠨ ᠨᠣᠮ ᠤᠨ ᠰᠠᠩ ᠤᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠡᠯ᠎ᠡ ᠬᠤᠰᠢᠭᠤ ᠰᠢᠶᠠᠨ ᠬᠤᠲᠠ ︵ᠲᠣᠭᠤᠷᠢᠭ︶ ᠶᠢᠨ ᠨᠣᠮ ᠤᠨ ᠰᠠᠩ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠬᠠᠮᠢᠶ᠎ᠠ ᠪᠥᠬᠦᠶ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠪᠠᠰᠠ ᠰᠢᠯᠢ ᠶᠢᠨ ᠭᠤᠤᠯ ᠠᠶᠢᠮᠠᠭ ᠤᠨ ᠪᠥᠬᠦ ᠠᠷᠠᠳ ᠤᠨ ᠤᠩᠰᠢᠯᠭ᠎ᠠ ᠶᠢ ᠠᠬᠢᠭᠤᠯᠬᠤ ᠨᠡᠶᠢᠭᠡᠮᠯᠢᠭ ᠪᠠ ᠶᠤᠸᠠᠢ ᠯᠢ ᠹᠠᠩ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠣᠨᠴᠠᠭᠠᠶᠢᠯᠠᠨ ᠤᠷᠢᠵᠠᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号