2 ᠰᠠᠷ᠎ᠠ ᠶᠢᠨ 2 ᠤᠨ ᠡᠳᠦᠷ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ | ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠰᠢᠭᠤ ᠬᠥᠭᠵᠢᠭᠦᠯᠦᠯᠲᠡ | ᠥᠭᠡᠷᠡᠴᠢᠯᠡᠯᠲᠡ ᠶᠢᠨ ᠬᠤᠷᠢᠶᠠᠨ ᠤ ᠬᠠᠷᠢᠭᠤᠴᠠᠯᠭᠠᠲᠠᠳ ᠢ ᠳᠠᠭᠠᠭᠤᠯᠤᠨ ᠵᠡᠭᠦᠨ ᠦᠵᠦᠮᠦᠴᠢᠨ ᠬᠤᠰᠢᠭᠤᠨ ᠤ | ᠡᠨᠧᠷᠭᠢ ᠶᠢᠨ ᠨᠡᠭᠡᠭᠡᠨ ᠠᠰᠢᠭᠯᠠᠯᠲᠠ᠂ ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ | ᠲᠣᠭᠤᠷᠢᠨ ᠳᠤ᠂ ᠪᠡᠭᠡᠵᠢᠩ ᠬᠤᠲᠠ ᠳᠤ ᠬᠦᠷᠴᠦ ᠠᠷᠠᠯᠵᠢᠶᠠᠴᠢᠨ ᠤᠷᠢᠬᠤ ᠶᠢ ᠵᠣᠯᠭᠠᠭᠤᠯᠬᠤ ᠪᠠ ᠲᠥᠷᠥᠯ | ᠵᠦᠢᠯ ᠤᠨ ᠬᠡᠯᠡᠯᠴᠡᠭᠡᠷ ᠬᠢᠵᠦ᠂ ᠵᠧᠦ ᠢᠦᠢ ᠯᠦᠩ ᠨᠠᠷ ᠡᠩ ᠲᠡᠷᠢᠭᠦᠨ ᠳᠤ ᠳᠤᠮᠳᠠᠳᠤ ᠤᠯᠤᠰ ᠤᠨ ᠰᠧᠨ ᠲᠢᠶᠠᠨ | ᠠᠵᠤ ᠠᠬᠤᠶᠢᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ | ᠰᠣᠯᠢᠯᠴᠠᠪᠠ᠃ ᠠᠵᠤ ᠠᠬᠤᠶᠢᠯᠠᠯ ᠳᠤ ᠵᠡᠭᠦᠨ ᠦᠵᠦᠮᠦᠴᠢᠨ ᠬᠤᠰᠢᠭᠤᠨ ᠤ ᠠᠵᠤ ᠦᠢᠯᠡᠰ ᠤᠨ ᠬᠥᠭᠵᠢᠯᠲᠡ᠂ | ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ | ᠵᠡᠷᠭᠡ ᠪᠠᠶᠢᠳᠠᠯ ᠢ ᠲᠠᠨᠢᠯᠴᠠᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ | ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ | ᠬᠥᠭᠵᠢᠯᠲᠡ ᠶᠢᠨ ᠶᠠᠪᠤᠴᠠ ᠪᠠ ᠴᠢᠬᠤᠯᠠ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠨᠠᠷᠢᠨ ᠣᠶᠢᠯᠠᠭᠠᠵᠤ᠂ | ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠥᠭᠵᠢᠯᠲᠡ ᠶᠢᠨ ᠬᠠᠮᠲᠤᠷᠠᠯᠴᠠᠭ᠎ᠠ᠂ ᠲᠥᠷᠥᠯ | ᠵᠦᠢᠯ ᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠵᠥᠪᠳᠡᠯᠴᠡᠪᠡ᠃ ᠵᠧᠦ ᠢᠦᠢ ᠯᠦᠩ ᠢᠯᠡᠷᠬᠡᠶᠢᠯᠡᠬᠦ ᠳᠡᠭᠡᠨ᠂ | ᠵᠡᠭᠦᠨ ᠦᠵᠦᠮᠦᠴᠢᠨ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠶᠡᠭᠡ | ᠬᠤᠰᠢᠭᠤ ᠪᠣᠯᠣᠨ᠎ᠠ᠃ ᠣᠶᠢᠷ᠎ᠠ ᠶᠢᠨ ᠵᠢᠯ ᠤᠳ ᠲᠤ ᠠᠵᠤ ᠠᠬᠤᠢ ᠨᠡᠶᠢᠭᠡᠮ ᠤᠨ ᠬᠥᠭᠵᠢᠯᠲᠡ ᠳᠤ ︽ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ | ᠂ ᠢᠮᠠᠭᠲᠠ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ ᠵᠡᠭᠦᠨ ᠦᠵᠦᠮᠦᠴᠢᠨ | ᠬᠤᠰᠢᠭᠤᠨ ᠤ ᠣᠨᠴᠠᠯᠢᠭ ᠲᠠᠢ ᠠᠵᠤ ᠦᠢᠯᠡᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠡᠭᠦᠨ ᠤ ᠬᠠᠮᠲᠤ | ᠵᠡᠭᠦᠨ ᠬᠠᠲᠠᠪᠴᠢ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ | ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯᠲᠡ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠬᠡᠲᠦ ᠶᠢᠨ ᠲᠥᠯᠥᠪ | ᠲᠤᠶᠢᠯ ᠤᠨ ᠰᠠᠷᠠᠭᠤᠯ ᠠᠭᠤᠳᠠᠮ ᠪᠠᠶᠢᠨ᠎ᠠ᠂ ᠰᠧᠨ ᠲᠢᠶᠠᠨ ᠪᠦᠯᠦᠭᠯᠡᠯ ᠵᠡᠭᠦᠨ ᠦᠵᠦᠮᠦᠴᠢᠨ ᠬᠤᠰᠢᠭᠤᠨ ᠤ | ᠬᠥᠭᠵᠢᠯᠲᠡ ᠶᠢᠨ ᠢᠷᠡᠭᠡᠳᠦᠢ ᠲᠠᠢ ᠤᠶᠠᠯᠳᠤᠭᠤᠯᠤᠨ᠂ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠪᠠ ᠣᠯᠠᠨ | ᠤᠯᠤᠰ ᠤᠨ ᠠᠵᠤ ᠦᠢᠯᠡᠰ ᠤᠨ ᠬᠦᠷᠢᠶᠡᠯᠡᠩ ᠤᠨ ᠲᠥᠯᠦᠪᠵᠢᠭᠦᠯᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢ | ᠬᠦᠰᠡᠵᠦ ᠪᠠᠶᠢᠨ᠎ᠠ᠂ ᠮᠠᠨ ᠤ ᠬᠤᠰᠢᠭᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠷᠴᠢᠮ ᠢᠶᠠᠨ | ᠴᠢᠩᠭᠠᠷᠠᠭᠤᠯᠵᠤ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠠᠵᠤ | ᠠᠬᠤᠶᠢᠯᠠᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ | ᠦᠢᠯᠡᠴᠢᠯᠡᠨ᠎ᠡ ᠭᠡᠪᠡ᠃ | 2 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ ︽ᠲᠦᠷᠪᠡᠨ ᠬᠤᠰᠢᠭᠤ ᠨᠢᠭᠡ ᠬᠤᠳᠠ︾ ᠶᠢᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠠᠮᠲᠤ ᠪᠠᠷ ᠡᠭᠦᠳᠴᠦ ᠬᠠᠮᠲᠤ ᠪᠠᠷ ᠪᠠᠶᠢᠭᠤᠯᠤᠭᠰᠠᠨ ᠵᠢᠱᠢᠶᠡᠴᠢ | ᠤᠷᠳᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠵᠡᠭᠦᠨ ᠦᠵᠦᠮᠦᠴᠢᠨ | ᠬᠤᠰᠢᠭᠤᠨ ᠳᠤ ᠤᠷᠤᠭᠰᠢᠲᠠᠢ ᠬᠤᠷᠠᠯᠳᠤᠪᠠ᠃ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠠᠶᠢᠨ᠎ᠠ ᠶᠠᠷᠢᠯᠴᠠᠬᠤ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠵᠠᠢ᠃ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠳᠡᠳ᠋ ᠡᠷᠬᠢᠯᠡᠭᠴᠢ ᠰᠦ᠋ ᠶᠤᠸᠠᠢ ᠰᠥᠩ ᠬᠤᠷᠠᠯ ᠢ ᠡᠷᠭᠢᠯᠡᠪᠡ᠃ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠳᠡᠳ᠋ ᠡᠷᠬᠢᠯᠡᠭᠴᠢ ᠳᠠᠯᠠᠩᠭᠤᠷᠪᠠ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠵᠡᠭᠦᠨ ᠦᠵᠦᠮᠦᠴᠢᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠶᠠᠷᠢᠯᠴᠠᠬᠤ | ᠬᠤᠷᠠᠯ ᠳᠤ ᠣᠷᠣᠯᠴᠠᠪᠠ᠃ ᠡᠷᠢᠶᠡᠨ ᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ | ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ | ᠡᠷᠬᠢᠯᠡᠭᠴᠢ᠂ ᠳᠡᠳ᠋ ᠡᠷᠬᠢᠯᠡᠭᠴᠢ ᠵᠢᠴᠢ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ | ᠰᠠᠯᠠᠭ᠎ᠠ ᠲᠠᠰᠤᠭ ᠤᠨ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠵᠠᠢ᠃ ᠬᠤᠷᠠᠯ ᠠᠴᠠ᠂ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ | ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠡᠳᠬᠢᠯ ᠳᠤ ᠬᠠᠳᠠᠩᠰᠢᠭᠤᠯᠬᠤ ᠶᠢ | ᠠᠬᠢᠭᠤᠯᠵᠤ᠂ ︽ᠲᠦᠷᠪᠡᠨ ᠤᠬᠠᠮᠰᠠᠷ︾ ᠢ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠢᠯᠢ | ᠬᠢᠵᠠᠭᠠᠷ ᠲᠤ ᠦᠨᠳᠦᠰᠦᠯᠡᠵᠦ᠂ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ ᠰᠡᠳᠬᠢᠯ | ᠬᠥᠳᠡᠯᠭᠡᠮ᠎ᠡ ᠦᠶᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ | ᠪᠣᠳᠣᠯᠭ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠬᠢᠯᠢ ᠬᠢᠵᠠᠭᠠᠷ ᠢ | ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠠᠮᠤᠷ ᠲᠦᠪᠰᠢᠨ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ︽ᠭᠤᠷᠪᠠᠨ | ᠵᠦᠢᠯ ᠤᠨ ᠲᠥᠯᠥᠪᠯᠡᠭᠡ︾ ᠶᠢ ᠭᠦᠨᠵᠡᠭᠡᠢ ᠠᠬᠢᠭᠤᠯᠵᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ | ᠠᠬ᠎ᠠ ᠳᠡᠭᠦᠦ ᠮᠡᠲᠦ ᠳᠣᠲᠣᠨᠣ ᠪᠠᠶᠢᠬᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠬᠠᠷᠢᠯᠴᠠᠨ | ᠠᠭᠤᠰᠤᠯᠴᠠᠬᠤ᠂ ᠪᠦᠯᠬᠦᠮᠳᠡᠨ ᠨᠢᠭᠲᠠᠷᠠᠬᠤ ᠶᠢ ᠠᠬᠢᠭᠤᠯᠵᠤ᠂ ᠬᠢᠯᠢ ᠬᠢᠵᠠᠭᠠᠷ ᠤᠨ ᠠᠮᠤᠷ ᠲᠦᠪᠰᠢᠨ ᠢ ᠦᠨᠡᠨᠬᠦ | ᠬᠠᠮᠠᠭᠠᠯᠠᠵᠤ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠬᠠᠮᠲᠤ ᠶᠢᠨ ᠭᠡᠷ ᠣᠷᠣᠨ ᠢ ᠬᠠᠮᠲᠤᠪᠠᠷ | ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | 2 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠤᠯᠤᠰ ᠲᠥᠷᠥ ᠶᠢᠨ | ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠳᠤ ᠬᠦᠷᠴᠦ ᠥᠪᠥᠷ | ᠮᠣᠩᠭᠤᠯ ᠤᠨ ᠰᠢᠩ ᠬᠥ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠳ᠋ᠦᠩ ᠹᠠᠩ ᠲᠠᠯᠠᠰᠲᠤ | ᠴᠠᠬᠢᠭᠤᠷ ᠤᠨ ᠰᠢᠨ᠎ᠡ ᠬᠡᠯᠪᠡᠷᠢ ᠶᠢᠨ ᠴᠠᠬᠢᠭᠤᠷ ᠤᠨ ᠮᠠᠲ᠋ᠧᠷᠢᠶᠠᠯ ᠤᠨ ᠲᠥᠷᠥᠯ ᠵᠦᠢᠯ ᠳᠤ ᠬᠤᠳᠠᠯᠳᠤᠭᠠᠴᠢᠨ ᠤᠷᠢᠵᠤ | ᠰᠢᠨᠵᠢᠯᠡᠨ ᠪᠠᠶᠢᠴᠠᠭᠠᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ ᠵᠧᠦ | ᠢᠦᠢ ᠯᠦᠩ ᠨᠠᠷ ᠳ᠋ᠦᠩ ᠹᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠵᠢᠴᠢ ᠡᠳ᠋ᠰᠢᠭᠦᠯᠬᠦ ᠠᠵᠤ ᠦᠢᠯᠡᠰ ᠤᠨ | ᠬᠦᠷᠢᠶᠡᠯᠡᠩ ᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ | ᠬᠡᠯᠪᠡᠷᠢ ᠶᠢᠨ ᠴᠠᠬᠢᠭᠤᠷ ᠤᠨ ᠮᠠᠲ᠋ᠧᠷᠢᠶᠠᠯ ᠤᠨ ᠬᠦᠷᠢᠶᠡᠨ ᠳᠠᠬᠢ ᠰᠤᠳᠤᠯᠤᠨ ᠨᠡᠭᠡᠭᠡᠬᠦ ᠪᠠ ᠦᠢᠯᠡᠳᠬᠦ ᠴᠢᠳᠠᠪᠤᠷᠢ ᠶᠢ | ᠭᠤᠣᠯᠳᠠᠯᠭ᠎ᠠ ᠲᠠᠢ ᠣᠶᠢᠯᠠᠭᠠᠵᠤ᠂ ᠶᠠᠷᠢᠯᠴᠠᠬᠤ ᠬᠤᠷᠠᠯ ᠳᠡᠭᠡᠷ᠎ᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠥᠷᠨᠢᠭᠦᠯᠬᠦ | ᠲᠤᠬᠠᠢ ᠨᠠᠷᠢᠨ ᠨᠢᠭᠲᠠ ᠰᠣᠯᠢᠯᠴᠠᠭ᠎ᠠ ᠬᠢᠭᠰᠡᠨ ᠪᠥᠭᠡᠳ ᠴᠢᠩ ᠰᠡᠳᠬᠢᠯ ᠤᠨ ᠤᠷᠢᠯᠭ᠎ᠠ ᠭᠠᠷᠭᠠᠵᠤ᠂ ᠠᠵᠤ | ᠠᠬᠤᠶᠢᠯᠠᠯ ᠤᠨ ᠵᠡᠭᠦᠨ ᠦᠵᠦᠮᠦᠴᠢᠨ ᠳᠤ ᠢᠷᠡᠵᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ | ᠬᠠᠮᠲᠤᠷᠠᠯᠴᠠᠭᠠᠨ ᠤ ᠬᠦᠷᠢᠶ᠎ᠡ ᠪᠠᠨ ᠢᠳᠡᠪᠬᠢᠲᠡᠢ ᠥᠷᠭᠡᠳᠬᠡᠵᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ | ᠡᠭᠦᠳᠴᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠬᠤ ᠶᠢ ᠪᠠᠶᠠᠷᠯᠠᠨ | ᠤᠭᠲᠤᠵᠤ ᠪᠠᠶᠢᠨ᠎ᠠ ᠭᠡᠪᠡ᠃ | ★ 2 ᠰᠠᠷ᠎ᠠ ᠶᠢᠨ 14 ᠤ ᠡᠳᠦᠷ ᠵᠡᠭᠦᠨ ᠦᠵᠦᠮᠦᠴᠢᠨ ᠬᠤᠰᠢᠭᠤ ᠲᠦᠩᠯᠢᠶᠣᠣ ᠶᠢᠨ ᠲᠢᠶᠧ ᠱᠧᠩ | ᠬᠤᠳᠠᠯᠳᠤᠭ᠎ᠠ ᠠᠷᠠᠯᠵᠢᠶᠠᠨ ᠤ ︵ᠪᠦᠯᠦᠭᠯᠡᠯ︶ ᠬᠢᠵᠠᠭᠠᠷᠲᠤ ᠺᠣᠮᠫᠠᠨᠢ ᠵᠡᠷᠭᠡ ᠬᠤᠯᠪᠣᠭᠳᠠᠯ ᠪᠦᠬᠦᠢ ᠠᠵᠤ ᠠᠬᠤᠶᠢᠯᠠᠯ ᠲᠠᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ | ᠶᠢᠩ ᠵᠢᠶᠠᠨ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠶ ᠰᠢᠭᠤᠢ ᠨᠤᠲᠤᠭ | ᠪᠡᠯᠴᠢᠭᠡᠷ ᠤᠨ ᠲᠣᠪᠴᠢᠶ᠎ᠠ᠂ ᠬᠠᠲᠠᠪᠴᠢ ᠪᠠᠯᠭᠠᠰᠤ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ | ᠬᠤᠷᠠᠯ ᠳᠤ ᠣᠷᠣᠯᠴᠠᠵᠠᠢ᠃ | ᠮᠥᠨ ᠡᠳᠦᠷ ᠲᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠵᠧᠦ ᠢᠦᠢ ᠯᠦᠩ ᠥᠪᠥᠷ ᠮᠣᠩᠭᠤᠯ ᠤᠨ ᠰᠢᠩ ᠶᠧ ᠪᠦᠯᠦᠭᠯᠡᠯ ᠤᠨ ᠷᠦᠩ ᠭᠤᠸᠠᠨ ᠠᠭᠤᠷᠬᠠᠢ ᠶᠢᠨ ᠦᠢᠯᠡᠰ ᠪᠠ | ᠯᠢᠶᠣᠤᠨᠢᠩ ᠤᠨ ᠬᠠᠢ ᠴᠧᠩ ᠪᠦᠯᠦᠭᠯᠡᠯ ᠲᠠᠢ ᠴᠠᠪᠴᠢᠯ ᠲᠡᠮᠦᠷ ᠴᠠᠶᠢᠷ ᠤᠨ ᠠᠭᠤᠷᠬᠠᠢ ᠶᠢᠨ ᠡᠬᠢ ᠪᠠᠶᠠᠯᠢᠭ ᠢ | ᠨᠢᠭᠡᠲᠦᠭᠦᠯᠬᠦ ᠶᠠᠪᠤᠳᠠᠯ ᠤᠨ ᠲᠤᠬᠠᠢ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠢᠵᠡᠢ᠃ ᠬᠤᠰᠢᠭᠤ ᠵᠠᠰᠠᠭ ᠤᠨ | ᠣᠷᠳᠣᠨ ᠤ ᠳᠡᠳ᠋ ᠳᠠᠷᠤᠭ᠎ᠠ ᠴᠠᠩ ᠵᠧᠩ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ | ᠭᠤᠣᠯ ᠬᠠᠷᠢᠭᠤᠴᠠᠯᠭᠠᠲᠠᠨ᠂ ᠥᠪᠥᠷ ᠮᠣᠩᠭᠤᠯ ᠤᠨ ᠰᠢᠩ ᠶᠧ ᠪᠦᠯᠦᠭᠯᠡᠯ᠂ ᠯᠢᠶᠣᠤᠨᠢᠩ ᠤᠨ ᠬᠠᠢ ᠴᠧᠩ | ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠬᠤᠯᠪᠣᠭᠳᠠᠯ | ᠪᠦᠬᠦᠢ ᠠᠵᠤ ᠠᠬᠤᠶᠢᠯᠠᠯ ᠪᠦᠬᠦ ᠲᠠᠯ᠎ᠠ ᠶᠢᠨ ᠦᠷᠭᠦᠯᠵᠢᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ | ᠪᠣᠯᠭᠠᠵᠤ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠨᠢᠭᠡ | ᠴᠣᠭᠴᠠᠵᠢᠭᠤᠯᠬᠤ᠂ ᠲᠤᠰᠬᠠᠶᠢᠵᠢᠭᠤᠯᠬᠤ ᠴᠢᠭᠯᠡᠯ ᠲᠡᠰᠢ ᠬᠥᠭᠵᠢᠭᠦᠯᠬᠦ ᠶᠢ ᠠᠬᠢᠭᠤᠯᠵᠤ᠂ ᠥᠷᠢᠰᠦᠯᠳᠦᠬᠦ | ᠬᠦᠴᠦᠨ ᠲᠠᠢ ᠳᠠᠪᠠᠭᠤᠯᠢᠭ ᠠᠭᠤᠷᠬᠠᠢ ᠶᠢᠨ ᠠᠵᠤ ᠠᠬᠤᠶᠢᠯᠠᠯ ᠢ ᠪᠠᠶᠢᠭᠤᠯᠵᠤ᠂ ᠡᠬᠢ ᠪᠠᠶᠠᠯᠢᠭ ᠤᠨ | ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠬᠠᠮᠤᠭ ᠤᠨ ᠶᠡᠭᠡ | ᠬᠡᠮᠵᠢᠶ᠎ᠡ ᠪᠠᠷ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠠᠵᠤ ᠠᠬᠤᠶᠢᠯᠠᠯ | ᠡᠷᠬᠡ ᠲᠡᠭᠰᠢ ᠲᠥᠪ ᠭᠤᠣᠯᠴᠢ ᠪᠠᠶᠢᠬᠤ ᠤᠷᠢᠲᠠᠯ ᠳᠣᠣᠷ᠎ᠠ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠶᠢ ᠳᠠᠷᠤᠢ | ᠲᠦᠷᠭᠡᠨ ᠥᠷᠨᠢᠭᠦᠯᠵᠦ᠂ ᠨᠢᠭᠡᠲᠦᠭᠦᠯᠬᠦ ᠲᠥᠰᠥᠯ ᠭᠠᠷᠭᠠᠵᠤ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ | ᠴᠡᠭ ᠢ ᠲᠣᠳᠣᠷᠬᠠᠶᠢᠯᠠᠵᠤ᠂ ᠡᠳᠦᠷ ᠢᠶᠠᠷ ᠪᠣᠳᠣᠯᠭ᠎ᠠ ᠪᠣᠯᠭᠠᠨ ᠲᠦᠷᠭᠡᠨ ᠠᠬᠢᠭᠤᠯᠵᠠᠢ᠃ ᠬᠤᠰᠢᠭᠤ ᠲᠠᠰ ᠳᠠᠪᠬᠤᠷᠭ᠎ᠠ | ᠠᠴᠠ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠡᠯ᠎ᠡ ᠲᠠᠯ᠎ᠠ ᠶᠢᠨ | ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠣᠰ | ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠵᠠᠷᠴᠢᠮ ᠶᠣᠰᠣᠭᠠᠷ᠂ ᠬᠠᠮᠲᠤ ᠶᠢᠨ ᠬᠦᠴᠦᠨ ᠢ ᠪᠦᠷᠢᠯᠳᠦᠭᠦᠯᠵᠦ᠂ | ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃ | ᠲᠣᠰ ᠡᠳᠦᠷ ᠲᠤ 2023 ᠣᠨ ᠤ ᠪᠥᠬᠦ ᠠᠶᠢᠮᠠᠭ ᠤᠨ ᠠᠷᠠᠳ ᠤᠨ ᠶᠠᠪᠤᠳᠠᠯ ᠤᠨ ᠠᠵᠢᠯ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠠᠵᠢᠯ ᠤᠨ | ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠵᠡᠭᠦᠨ ᠦᠵᠦᠮᠦᠴᠢᠨ ᠬᠤᠰᠢᠭᠤᠨ ᠳᠤ | ᠬᠤᠷᠠᠯᠳᠤᠵᠤ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠣᠪᠴᠢᠶ᠎ᠠ ᠶᠢᠨ ᠳᠠᠷᠤᠭ᠎ᠠ ᠠᠯᠳᠠᠷᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ | ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠠᠨ ᠹᠠᠩ ᠬᠤᠷᠠᠯ ᠢ ᠡᠷᠭᠢᠯᠡᠪᠡ᠃ ᠬᠤᠰᠢᠭᠤ | ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ ᠪᠠᠶᠠᠷ ᠤᠨ ᠦᠭᠡ ᠬᠡᠯᠡᠵᠡᠢ᠃ ᠬᠤᠷᠠᠯ ᠠᠴᠠ᠂ ᠪᠦᠬᠦ | ᠠᠶᠢᠮᠠᠭ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠡᠭᠦᠷᠭᠡᠯᠡᠯ᠂ | ᠴᠢᠩᠭ᠎ᠠ ᠬᠦᠴᠦᠲᠡᠢ ᠥᠭᠡᠷᠡᠴᠢᠯᠡᠯᠲᠡ ᠶᠢᠨ ᠡᠷᠴᠢᠮ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ 2023 | ᠣᠨ ᠤ ᠠᠷᠠᠳ ᠤᠨ ᠶᠠᠪᠤᠳᠠᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ | ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠠᠮ ᠤᠨ ᠠᠷᠠᠳ ᠤᠨ | ᠶᠠᠪᠤᠳᠠᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠴᠥᠬᠦᠷᠡᠰᠢ ᠦᠭᠡᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ | ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠰᠢᠨ᠎ᠡ ᠴᠠᠭ ᠦᠶ᠎ᠡ | ᠰᠢᠨ᠎ᠡ ᠠᠶᠠᠨ ᠵᠠᠮ ᠳᠠᠬᠢ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ | ᠬᠠᠷᠢᠭᠤᠴᠠᠯᠭ᠎ᠠ ᠶᠢ ᠨᠡᠩ ᠰᠠᠶᠢᠲᠤᠷ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠮᠥᠨ ᠡᠳᠦᠷ ᠲᠤ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ | ᠵᠧᠦ ᠢᠦᠢ ᠯᠦᠩ ᠰᠢᠯᠢ ᠶᠢᠨ ᠭᠤᠣᠯ ᠠᠶᠢᠮᠠᠭ ᠤᠨ ᠰᠢᠩ ᠹᠦ᠋ ᠪᠡᠯᠡ ᠣᠷᠣᠭᠤᠯᠤᠯᠲᠠ ᠶᠢᠨ ᠬᠢᠵᠠᠭᠠᠷᠲᠤ | ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠢᠶᠠᠨ ᠱᠦᠨ | ᠱᠧᠩ ᠨᠠᠷ ᠲᠠᠢ ᠶᠠᠷᠢᠯᠴᠠᠬᠤ ᠬᠤᠷᠠᠯ ᠬᠢᠵᠡᠢ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠵᠧᠩ | ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 20 ᠤ ᠡᠳᠦᠷ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠥᠬᠦ ᠬᠤᠰᠢᠭᠤᠨ ᠤ | ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ | ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠤᠯᠤᠰ ᠤᠨ ︽ᠬᠤᠶᠠᠷ ᠬᠤᠷᠠᠯ︾ | ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠵᠡᠷᠭᠡ ᠬᠤᠯᠪᠣᠭᠳᠠᠯ ᠪᠦᠬᠦᠢ ᠭᠠᠵᠠᠷ ᠤᠨ ᠲᠠᠰ ᠤᠨ | ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ ᠶᠢᠨ | ᠭᠤᠣᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠬᠤᠰᠢᠭᠤᠨ ᠳᠤ ᠰᠠᠭᠤᠭ᠎ᠠ ᠡᠯ᠎ᠡ ᠬᠠᠮᠢᠶ᠎ᠠ ᠪᠦᠬᠦᠢ | ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠴᠡᠷᠢᠭ ᠴᠠᠭᠳᠠᠭ᠎ᠠ ᠴᠡᠷᠢᠭ ᠠᠩᠭᠢ ᠶᠢᠨ ᠭᠤᠣᠯ ᠳᠠᠷᠤᠭ᠎ᠠ | ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠲᠦ | ᠰᠡᠳᠬᠢᠬᠦᠢ ᠪᠣᠯᠣᠨ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠳᠥᠭᠦᠮ ᠳᠥᠲᠡ ᠥᠨᠳᠥᠷ ᠪᠦᠲᠦᠮᠵᠢᠲᠡᠢ ᠵᠢᠯᠤᠭᠤᠳᠬᠤ ᠰᠢᠰᠲ᠋ᠧᠮ ᠢ | ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠠᠵᠢᠯ ᠤᠨ ᠲᠣᠬᠢᠷᠠᠭᠤᠯᠭ᠎ᠠ ᠶᠢ ᠴᠢᠩᠭᠠᠳᠬᠠᠵᠤ᠂ | ᠡᠯ᠎ᠡ ᠲᠦᠷᠦᠯ ᠤᠨ ᠡᠬᠢ ᠪᠠᠶᠠᠯᠢᠭ ᠢ ᠨᠢᠭᠡᠲᠦᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ | ᠠᠮᠤᠷ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠪᠦᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ★ 2 ᠰᠠᠷ᠎ᠠ ᠶᠢᠨ 21 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ | ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ | ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠷᠠᠯ ᠨᠢ ᠰᠢ ᠶᠢᠨ ᠫᠢᠩ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ | ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠵᠢᠴᠢ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠣᠬᠢᠷᠠᠭᠤᠯᠤᠨ | ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠣᠶᠢᠯᠠᠭᠠᠵᠤ᠂ ᠡᠭᠦᠷᠭᠡ | ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠬᠠᠷᠢᠭᠤᠴᠠᠯᠭᠠᠲᠤ | ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ︽ | ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠤᠬᠠᠮᠰᠠᠷ ᠢ ᠦᠷᠭᠦᠯᠵᠢᠯᠡᠨ ᠭᠤᠶᠢᠪᠢᠰᠢ ᠦᠭᠡᠢ ᠪᠡᠶᠡᠯᠡᠭᠦᠯᠬᠦ | ᠬᠡᠷᠡᠭᠲᠡᠢ᠃ ᠴᠢᠩᠭ᠎ᠠ ᠦᠨᠳᠦᠰᠦᠨ ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠭᠤᠣᠯᠳᠠᠯᠭ᠎ᠠ ᠲᠠᠢ | ᠭᠤᠭᠴᠤᠭ᠎ᠠ ᠶᠢ ᠴᠢᠩᠭ᠎ᠠ ᠠᠩᠬᠠᠷᠴᠤ᠂ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠥᠬᠦᠷᠡᠰᠢ ᠦᠭᠡᠢ | ᠠᠬᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ | ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠢᠯᠵᠢᠷᠡᠯ ᠢ | ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ | ᠡᠷᠡᠰ ᠰᠠᠶᠢᠲᠤᠷ ᠬᠢᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠴᠢᠩᠭᠠᠳᠬᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠵᠠᠰᠠᠬᠤ ᠦᠷ᠎ᠡ ᠪᠦᠲᠦᠮᠵᠢ ᠶᠢ | ᠤᠷᠳᠤ ᠬᠤᠭᠤᠴᠠᠭ᠎ᠠ ᠪᠠᠷ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠰᠤᠷᠲᠠᠯ ᠴᠢᠬᠡᠴᠢ ᠣᠪᠣᠷ ᠲᠥᠪ | ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠶᠢᠭᠤᠯᠬᠤ ᠬᠡᠷᠡᠭᠲᠡᠢ ᠭᠡᠪᠡ᠃ ᠬᠤᠰᠢᠭᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ | ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠯ᠎ᠡ ᠭᠡᠰᠢᠭᠦᠨ᠂ ᠡᠯ᠎ᠡ ᠶᠡᠭᠡ ᠣᠳᠤᠷᠢᠳᠬᠤ ᠪᠠᠭ ᠤᠨ | ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠤ | ᠪᠠᠶᠢᠭ᠎ᠠ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠪᠥᠬᠦ ᠺᠠᠳ᠋ᠷ᠂ ᠬᠤᠰᠢᠭᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ | ᠪᠠᠶᠢᠭᠤᠯᠤᠮᠵᠢ ᠶᠢᠨ ᠪᠥᠬᠦ ᠺᠠᠳ᠋ᠷ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ᠂ ᠲᠤᠰᠬᠠᠢ ᠲᠤᠰᠢᠶᠠᠯᠲᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠱᠦᠵᠢ ︵ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ︶᠂ ᠰᠠᠬᠢᠯᠭ᠎ᠠ ᠪᠠᠲᠤ ᠪᠠᠶᠢᠴᠠᠭᠠᠬᠤ | ᠠᠵᠢᠯᠲᠠᠨ᠂ ᠲᠤᠰᠬᠠᠢ ᠲᠤᠰᠢᠶᠠᠯᠲᠤ ᠬᠢᠨᠠᠨ ᠪᠠᠶᠢᠴᠠᠭᠠᠭᠴᠢ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ | ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ | ᠪᠠᠶᠢᠴᠠᠭᠠᠭᠴᠢ ᠬᠤᠷᠠᠯ ᠳᠤ ᠣᠷᠣᠯᠴᠠᠵᠠᠢ᠃ | ᠮᠥᠨ ᠡᠳᠦᠷ ᠲᠤ ᠪᠦᠭᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠠ | ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶ᠎ᠠ ᠶᠢᠨ | ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠳᠤ ᠣᠷᠣᠯᠴᠠᠨ ᠶᠠᠷᠢᠶ᠎ᠠ | ᠲᠠᠯᠪᠢᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ | ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠬᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠭᠡᠷ ᠲᠡᠭᠡᠨ ᠪᠠᠶᠢᠭ᠎ᠠ | ᠡᠯ᠎ᠡ ᠳᠡᠳ᠋ ᠬᠤᠰᠢᠭᠤ ᠳᠠᠷᠤᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ | ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ | ᠂ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ | ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠤᠨ ᠠᠵᠢᠯ ᠢ ᠰᠠᠶᠢᠲᠤᠷ ᠬᠢᠬᠦ ᠨᠢ ᠪᠥᠬᠦ ᠵᠢᠯ ᠤᠨ ᠴᠢᠨᠠᠷ ᠰᠠᠶᠢᠲᠠᠢ | ᠬᠥᠭᠵᠢᠯᠲᠡ ᠲᠠᠢ ᠬᠤᠯᠪᠣᠭᠳᠠᠨ᠎ᠠ᠂ ᠪᠥᠬᠦ ᠬᠤᠰᠢᠭᠤᠨ ᠤ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ | ᠳᠡᠭᠡᠷ᠎ᠡ ᠳᠤᠤᠷ᠎ᠠ ᠱᠠᠲᠤᠨ ᠤ ᠬᠢᠨ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠡᠨᠬᠦ ᠠᠳᠬᠤᠨ | ᠪᠣᠳᠠᠲᠠᠢ ᠠᠵᠢᠯᠯᠠᠵᠤ᠂ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠ ᠴᠣᠩᠬᠤᠨ ᠤ | ᠬᠤᠭᠤᠴᠠᠭ᠎ᠠ ᠶᠢ ᠠᠮᠵᠢᠨ ᠠᠳᠬᠤᠵᠤ᠂ ᠨᠠᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ᠂ ᠨᠠᠩ ᠪᠠᠲᠤ ᠴᠢᠩᠭ᠎ᠠ | ᠢᠲᠡᠭᠡᠯ ᠵᠣᠷᠢᠭ ᠢᠶᠠᠷ ︽ᠰᠠᠶᠢᠨ ᠡᠬᠢᠯᠡᠯᠲᠡ ᠲᠠᠢ︾᠂ ︽ᠡᠭᠦᠳᠡ ᠪᠠᠨ ᠯᠠᠪᠳᠠᠭᠤᠨ ᠨᠡᠭᠡᠭᠡᠵᠦ︾ ᠶᠢ ᠪᠠᠲᠤᠯᠠᠵᠤ᠂ ︽ | ᠬᠤᠶᠠᠷ ᠢ ᠬᠠᠭᠠᠰ ᠢᠶᠠᠷ ᠥᠩᠭᠡᠷᠡᠭᠦᠯᠬᠦ︾ ︽ᠪᠥᠬᠦ ᠵᠢᠯ ᠳᠤ ᠥᠭᠡᠳᠡᠯᠡᠨ ᠮᠠᠨᠳᠤᠬᠤ︾ ᠶᠢ ᠪᠡᠶᠡᠯᠡᠭᠦᠯᠬᠦ ᠳᠤ ᠪᠠᠲᠤ | ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃ | ★ 2 ᠰᠠᠷ᠎ᠠ ᠶᠢᠨ 24 ᠤ ᠡᠳᠦᠷ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 | ᠣᠨ ᠤ ᠬᠤᠶᠠᠳᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠬᠤᠷᠠᠯᠳᠤᠪᠠ᠃ | ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ | ᠵᠠᠰᠠᠭ ᠤᠨ ᠣᠷᠳᠣᠨ ᠤ ᠬᠤᠰᠢᠭᠤᠨ ᠳᠤ ᠪᠠᠶᠢᠭ᠎ᠠ ᠡᠯ᠎ᠡ ᠳᠡᠳ᠋ ᠳᠠᠷᠤᠭ᠎ᠠ ᠬᠤᠷᠠᠯ ᠳᠤ ᠣᠷᠣᠯᠴᠠᠵᠤ᠂ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ | ᠵᠢᠶᠠᠨ ᠬᠤᠷᠠᠯ ᠢ ᠡᠷᠭᠢᠯᠡᠪᠡ᠃ ᠵᠧᠦ ᠢᠦᠢ ᠯᠦᠩ᠂ ᠪᠤᠰᠤᠳ ᠭᠠᠵᠠᠷ ᠣᠷᠣᠨ ᠳᠤ ᠭᠠᠷᠤᠭᠰᠠᠨ ᠠᠳᠡᠯ ᠠᠴᠠ | ᠭᠦᠨᠵᠡᠭᠡᠢ ᠰᠤᠷᠭᠠᠮᠵᠢ ᠠᠪᠴᠤ᠂ ᠬᠡᠷᠡᠭ ᠠᠴᠠ ᠡᠮᠦᠨᠡᠬᠢ ᠰᠡᠷᠭᠡᠶᠢᠯᠡᠯᠲᠡ ᠶᠢ ᠴᠢᠨᠠᠭᠰᠢᠳᠠ ᠴᠢᠩᠭᠠᠳᠬᠠᠵᠤ᠂ | ᠲᠣᠪᠣᠶᠢᠮ᠎ᠠ ᠠᠰᠠᠭᠤᠳᠠᠯ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠶᠢᠨ | ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠡᠯ᠎ᠡ ᠲᠦᠷᠦᠯ ᠤᠨ ᠠᠮᠤᠷ ᠲᠦᠪᠰᠢᠨ ᠤ ᠡᠭᠦᠷᠭᠡ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ | ᠠᠷᠢᠯᠭᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠪᠡ᠃ ᠡᠯ᠎ᠡ ᠰᠤᠮᠤ ᠪᠠᠯᠭᠠᠰᠤ ︵ | ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ | ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | 2 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ ᠬᠤᠰᠢᠭᠤ ᠨᠠᠮ ᠤᠨ ᠬᠤᠷᠢᠶᠠᠨ ᠤ ᠳᠡᠳ᠋ | ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠯᠪᠣᠭ᠎ᠠ ᠶᠢᠨ ᠱᠠᠭᠠᠷᠳᠠᠨ | ᠵᠢᠯᠤᠭᠤᠳᠬᠤ ᠳᠤᠭᠤᠶᠢᠯᠠᠩ ᠤᠨ ᠳᠠᠷᠤᠭ᠎ᠠ ᠡᠾᠦ᠋ᠸᠧ ᠶᠢᠨ ᠪᠢᠩ ᠨᠠᠷ ᠤᠷᠢᠳ ᠬᠤᠵᠢᠳ ᠱᠠᠨ ᠶᠢᠨ ᠪᠠᠶᠠᠨᠬᠦ᠋ᠭᠡᠪᠦᠷ | ᠠᠭᠤᠷᠬᠠᠢ ᠶᠢᠨ ᠦᠢᠯᠡᠰ᠂ ᠵᠥᠩ ᠺᠠᠩ ᠲᠥᠷᠥᠯ ᠵᠦᠢᠯ ᠤᠨ ᠬᠡᠯᠲᠡᠰ᠂ ᠬᠤᠩ ᠪᠥᠸᠧ ᠠᠭᠤᠷᠬᠠᠢ ᠶᠢᠨ ᠦᠢᠯᠡᠰ᠂ | ᠰᠢᠯᠢ ᠶᠢᠨ ᠠᠭᠤᠷᠬᠠᠢ ᠶᠢᠨ ᠦᠢᠯᠡᠰ ᠪᠠ ᠷᠦᠩ ᠭᠤᠸᠠᠨ ᠠᠭᠤᠷᠬᠠᠢ ᠶᠢᠨ ᠦᠢᠯᠡᠰ ᠵᠡᠷᠭᠡ ᠠᠭᠤᠷᠬᠠᠢ ᠶᠢᠨ ᠠᠵᠤ | ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠪᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ | ᠪᠠᠶᠢᠴᠠᠭᠠᠨ ᠰᠤᠳᠤᠯᠵᠤ ᠱᠠᠭᠠᠷᠳᠠᠨ ᠵᠢᠯᠣᠭᠤᠳᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ | ᠪᠠᠶᠢᠳᠠᠯ ᠢ ᠠᠷᠭᠠᠴᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ | ᠠᠬᠤᠢ ᠶᠢᠨ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠷ᠎ᠠ ᠪᠣᠯᠪᠠ᠃ ᠱᠠᠯᠠᠪᠳᠠᠭᠤᠯᠤᠨ | ᠵᠢᠯᠤᠭᠤᠳᠬᠤ ᠳᠤᠭᠤᠶᠢᠯᠠᠩ ᠤᠨ ᠬᠢᠨ ᠪᠠᠰᠠ ᠳᠠᠭᠤᠲᠤᠨᠠᠭᠤᠷ ᠪᠠᠯᠭᠠᠰᠤ ᠪᠣᠯᠣᠨ ᠮᠠᠨᠳᠤᠬᠤᠪᠤᠯᠠᠭ ᠪᠠᠯᠭᠠᠰᠤᠨ ᠳᠤ | ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠤᠬᠠᠢ ᠶᠢᠨ ᠭᠠᠵᠠᠷ | ᠲᠤᠨᠢ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠮᠠᠯᠵᠢᠬᠤ ᠣᠷᠣᠨ ᠤ ᠠᠵᠢᠯ ᠪᠠ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ | ᠣᠶᠢᠯᠠᠭᠠᠪᠠ᠃ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠬᠠᠷᠢᠶᠠᠲᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠦᠶᠯᠡ | ᠠᠵᠢᠯᠯᠠᠭ᠎ᠠ ᠪᠠᠨ ᠳᠡᠭᠡᠷ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ | ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ | ᠢᠮᠠᠭᠲᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠡᠭᠦᠷᠭᠡᠲᠦ ᠰᠡᠳᠬᠢᠯᠭᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠮᠠᠯᠵᠢᠬᠤ | ᠣᠷᠣᠨ ᠤ ᠠᠵᠢᠯ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ | ᠵᠦᠢᠯ ᠤᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃ | |