1 ᠳ᠋ᠣᠭᠡᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠴᠢᠬᠤᠯᠠ ᠠᠵᠢᠯᠯᠠᠭ᠎ᠠ
ᠨᠡᠶᠢᠲᠡᠯᠡᠭᠰᠡᠨ ᠴᠠᠭ᠄
2023/3/31
      1 ᠰᠠᠷ᠎ᠠ ᠶᠢᠨ 1 ᠤ ᠡᠳᠦᠷ  ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤᠯᠠᠭᠠᠨᠮᠥ᠋ᠴᠢᠷ ᠤᠨ ᠤᠯᠠᠨ ᠴᠢᠳᠠᠮᠵᠢᠲᠤ ᠮᠡᠳᠡᠭᠦᠯᠦᠯᠲᠡ ᠶᠢᠨ ᠲᠢᠩᠬᠢᠮ ᠳᠤ ᠦᠪᠡᠳᠡᠭᠰᠢ ᠶᠡᠭᠡ ᠪᠠᠷ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠶᠡᠭᠡ ᠬᠤᠷᠠᠯ ᠠᠴᠠ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠶᠦᠩ ᠭᠠᠨ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ ᠸᠠᠩ ᠴᠦᠨ ᠨᠠᠷ ᠤᠨ ᠬᠤᠰᠢᠭᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠬᠢᠭᠰᠡᠨ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2022 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2023 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠵᠢᠱᠢᠭᠳᠡᠭᠴᠢ ᠶᠢᠨ ᠲᠥᠷᠥᠯ ᠵᠦᠢᠯ ᠤᠨ ᠪᠦᠷᠢᠯᠳᠦᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ᠂ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ︵ᠲᠥᠰᠥᠯ︶ ᠶᠢᠨ ᠮᠡᠳᠡᠭᠦᠯᠦᠯᠲᠡ᠂ 2022 ᠣᠨ ᠤ ᠡᠳ᠋ ᠤᠨ ᠵᠠᠰᠠᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠪᠠ 2023 ᠣᠨ ᠤ ᠡᠳ᠋ ᠤᠨ ᠵᠠᠰᠠᠭ ᠤᠨ ᠲᠥᠰᠥᠪ ︵ᠲᠥᠰᠥᠯ︶ ᠤᠨ ᠮᠡᠳᠡᠭᠦᠯᠦᠯᠲᠡ ᠢ ᠰᠣᠨᠣᠰᠴᠤ ᠬᠢᠨᠠᠨ  ᠵᠥᠪᠯᠡᠪᠡ᠃ ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠰᠣᠩᠭᠤᠭᠤᠯᠢ ᠶᠢᠨ ᠠᠷᠭ᠎ᠠ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠪᠦᠷᠢᠯᠳᠦᠭᠦᠨ ᠢ ᠪᠠᠲᠤᠯᠠᠬᠤ ᠠᠷᠭ᠎ᠠ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠰᠢᠢᠳᠪᠦᠷᠢ᠂ ᠵᠥᠪᠯᠡᠯᠭᠡ ᠰᠠᠨᠠᠭᠤᠯᠭ᠎ᠠ ᠪᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠲᠤᠯᠠᠬᠤ ᠠᠷᠭ᠎ᠠ ᠶᠢ ᠪᠠᠲᠤᠯᠠᠪᠠ᠃ ᠬᠤᠷᠠᠯ  ᠠᠴᠠ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠨᠡᠷ᠎ᠡ ᠬᠤᠯᠪᠤᠭᠠᠯᠠᠨ ᠵᠢᠱᠢᠭᠳᠡᠭᠰᠡᠳ ᠢ ᠲᠠᠨᠢᠯᠴᠠᠭᠤᠯᠬᠤ ᠡᠴᠦᠰ ᠤᠨ ᠴᠠᠭ ᠤᠨ ᠲᠣᠭᠲᠠᠭᠠᠯ ᠪᠠ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠲᠥᠯᠥᠭᠡᠯᠡᠭᠴᠢᠳ ᠤᠨ ᠰᠠᠨᠠᠯ ᠵᠥᠪᠯᠡᠯᠭᠡ ᠶᠢᠨ ᠰᠠᠨᠠᠭᠤᠯᠭ᠎ᠠ ᠶᠢ ᠲᠤᠰᠢᠶᠠᠬᠤ ᠡᠴᠦᠰ ᠤᠨ ᠴᠠᠭ ᠤᠨ ᠲᠣᠭᠲᠠᠭᠠᠯ ᠢ ᠨᠡᠶᠢᠲᠡᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠠᠴᠠ ᠶᠡᠭᠡ ᠬᠤᠷᠠᠯ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠤᠨ ᠲᠥᠰᠥᠯ ᠪᠣᠯᠣᠨ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠳᠤ ᠣᠷᠣᠯᠴᠠᠭᠰᠠᠨ ᠪᠥᠬᠦ ᠭᠡᠰᠢᠭᠦᠨ︔ ᠨᠠᠰᠤᠨ ᠤ ᠠᠮᠠᠷᠠᠯᠲᠠ ᠪᠠᠨ ᠠᠪᠤᠭᠰᠠᠨ ᠬᠡᠰᠡᠭ ᠠᠬᠠᠮᠠᠳ ᠨᠥᠬᠦᠳ︔ ᠬᠤᠰᠢᠭᠤ ᠠᠷᠠᠳ ᠤᠨ ᠵᠠᠰᠠᠭ ᠤᠨ ᠣᠷᠳᠣᠨ ᠤ ᠪᠦᠷᠢᠯᠳᠦᠭᠦᠨ ᠪᠤᠰᠤ ᠬᠥᠮᠥᠰ᠂ ᠡᠯ᠎ᠡ ᠰᠠᠯᠠᠭ᠎ᠠ ᠮᠥᠴᠢᠷ ᠤᠨ ᠬᠠᠷᠢᠶ᠎ᠠ ᠬᠠᠷᠢᠭᠤᠴᠠᠯᠭᠠᠲᠠᠨ︔ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠮᠥᠨ ᠡᠳᠦᠷ ᠲᠤ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠵᠡᠷᠭᠡ ᠬᠤᠰᠢᠭᠤᠨ ᠤ ᠤᠳᠤᠷᠢᠳᠤᠯᠭ᠎ᠠ ᠬᠤᠷᠠᠯ ᠳᠤ ᠣᠷᠣᠯᠴᠠᠪᠡ᠃ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠤ ᠭᠦᠢᠴᠡᠳᠬᠡᠬᠦ ᠲᠡᠷᠢᠭᠦᠯᠡᠭᠴᠢ ᠪᠠᠲᠣᠮᠦ᠋ᠩᠬᠡ᠂ ᠰᠢᠶᠣᠣ ᠮᠢᠩ᠂ ᠳᠠᠪᠰᠢᠯᠲᠤ᠂ ᠶᠠᠨ ᠴᠢ ᠵᠢᠶᠦ᠋ᠨ᠂  ᠪᠦᠬᠡᠨ᠋ᠣᠳᠽᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠰᠢᠶᠣᠣ ᠮᠢᠩ ᠬᠤᠷᠠᠯ ᠢ ᠡᠷᠭᠢᠯᠡᠪᠡ᠃ ᠬᠢᠩᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠭᠰᠡᠨ ᠤ ᠬᠠᠮᠲᠤ ᠶᠠᠷᠢᠶ᠎ᠠ ᠲᠠᠯᠪᠢᠵᠤ᠂ ᠪᠠᠲᠣᠮᠦ᠋ᠩᠬᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠪᠡ᠃      ★ 1 ᠰᠠᠷ᠎ᠠ ᠶᠢᠨ 2 ᠤᠨ ᠡᠳᠦᠷ  ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠢ ᠬᠤᠷᠠᠯᠳᠤᠵᠤ᠂ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ᠭᠦᠢᠴᠡᠳᠭᠡᠭᠴᠢ ᠲᠡᠷᠢᠭᠦᠯᠡᠭᠴᠢ ᠪᠠᠲᠤᠮᠦ᠋ᠩᠬᠡ᠂ ᠰᠢᠶᠣᠣ ᠮᠢᠩ᠂ ᠳᠠᠪᠰᠢᠯᠲᠤ᠂ ᠶᠠᠨ ᠴᠢ ᠵᠢᠶᠦ᠋ᠨ᠂ ᠪᠦᠬᠡᠨ᠋ᠣᠳᠽᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠵᠠᠢ᠃ 1 ᠰᠠᠷ᠎ᠠ ᠶᠢᠨ 2 ᠤᠨ ᠡᠳᠦᠷ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠤ ᠭᠦᠢᠴᠡᠳᠭᠡᠭᠴᠢ ᠲᠡᠷᠢᠭᠦᠯᠡᠭᠴᠢ ᠪᠠᠲᠤᠮᠦ᠋ᠩᠬᠡ᠂ ᠰᠢᠶᠣᠣ ᠮᠢᠩ᠂ ᠳᠠᠪᠰᠢᠯᠲᠤ᠂ ᠶᠠᠨ ᠴᠢ ᠵᠢᠶᠦ᠋ᠨ᠂ ᠪᠦᠬᠡᠨ᠋ᠣᠳᠽᠡᠷ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃ ᠰᠢᠶᠣᠣ ᠮᠢᠩ ᠬᠤᠷᠠᠯ ᠡᠷᠭᠢᠯᠡᠪᠡ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠵᠡᠷᠭᠡ ᠬᠤᠰᠢᠭᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ ᠬᠤᠷᠠᠯ ᠠᠴᠠ 2022 ᠣᠨ ᠤ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠵᠤ᠂ ᠰᠢᠯᠢᠳᠡᠭ ᠰᠠᠨᠠᠯ  ᠳᠤᠷᠠᠳᠤᠭᠰᠠᠨ ᠭᠡᠰᠢᠭᠦᠳ ᠲᠤ ᠢᠷᠠᠭᠤ ᠠᠯᠳᠠᠷ ᠤᠨ ᠦᠨᠡᠮᠯᠡᠯ ᠣᠯᠭᠤᠵᠠᠢ᠃ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠦ᠋ᠩᠬᠡ ᠤᠯᠤᠰ ᠲᠦᠷᠦ ᠶᠢᠨ ᠵᠥᠪᠯᠡᠯᠭᠡᠨ ᠤ ᠵᠡᠭᠦᠨ ᠦᠵᠦᠮᠦᠴᠢᠨ ᠬᠤᠰᠢᠭᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠬᠤᠷᠠᠯ ᠲᠡᠭᠦᠰᠦᠭᠰᠡᠨ ᠢ ᠵᠠᠷᠯᠠᠪᠠ᠃      ᠮᠥᠨ ᠡᠳᠦᠷ ᠲᠤ  ︽ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠫᠠᠶᠢᠰᠠ ᠰᠡᠬᠦᠬᠦ ᠶᠣᠰᠣᠯᠠᠯ ᠤᠯᠢᠶᠠᠰᠤᠲᠠᠢ ᠪᠠᠯᠭᠠᠰᠤᠨ ᠤ ᠮᠠᠨᠳᠤᠬᠤ ᠨᠡᠶᠢᠭᠡᠮ ᠲᠣᠭᠤᠷᠢᠭ ᠲᠤ ᠶᠠᠪᠤᠭᠳᠠᠪᠠ᠃ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠬᠢᠩᠭᠠᠨ᠂ ᠵᠧᠦ ᠢᠦᠢ ᠯᠦᠩ᠂ ᠪᠠᠭᠠᠲᠤᠷ᠂ ᠪᠠᠲᠤᠮᠦ᠋ᠩᠬᠡ ᠨᠠᠷ ᠶᠣᠰᠣᠯᠠᠯ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠯ᠎ᠡ ᠳᠡᠳ᠋ ᠡᠷᠬᠢᠯᠡᠭᠴᠢ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃ ᠶᠣᠰᠣᠯᠠᠯ ᠳᠡᠭᠡᠷ᠎ᠡ᠂ ᠬᠢᠩᠭᠠᠨ᠂ ᠵᠧᠦ ᠢᠦᠢ ᠯᠦᠩ᠂ ᠪᠠᠭᠠᠲᠤᠷ᠂ ᠪᠠᠲᠤᠮᠦ᠋ᠩᠬᠡ ᠬᠠᠮᠲᠤ ᠪᠠᠷ ︽ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠭᠡᠷ︾ ᠤᠨ ᠫᠠᠶᠢᠰᠠ ᠶᠢ ᠰᠡᠬᠦᠪᠡ᠃     1 ᠰᠠᠷ᠎ᠠ ᠶᠢᠨ 3 ᠤ ᠡᠳᠦᠷ  ᠵᠡᠭᠦᠨ ᠦᠵᠦᠮᠦᠴᠢᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠢᠯᠠᠯᠲᠠ ᠲᠠᠢ ᠪᠠᠷ ᠲᠡᠭᠦᠰᠪᠡ᠃ ᠬᠤᠰᠢᠭᠤ ᠤᠳᠤᠷᠢᠳᠤᠯᠭ᠎ᠠ ᠬᠢᠩᠭᠠᠨ᠂ ᠵᠧᠦ ᠢᠦᠢ ᠯᠦᠩ᠂ ᠪᠠᠭᠠᠲᠤᠷ᠂ ᠪᠠᠲᠤᠮᠦ᠋ᠩᠬᠡ᠂ ᠰᠢᠦᠢ ᠶᠢᠩ ᠵᠢᠶᠠᠨ᠂ ᠵᠧᠦ ᠸᠧ ᠮᠢᠨ᠂ ᠬᠠᠢ ᠪᠦᠦ᠂ ᠪᠦᠦ ᠸᠠᠨ ᠬᠤᠸᠠ᠂ ᠯᠢᠦ ᠶᠠᠨ᠂ ᠰᠠᠷᠠᠨᠰᠦ᠋ᠬᠡ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠲᠤᠰ ᠤᠳᠠᠭ᠎ᠠ ᠶᠢᠨ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ᠄ ᠬᠢᠩᠭᠠᠨ᠂ ᠰᠠᠷᠠᠨᠰᠦ᠋ᠬᠡ᠃ ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠬᠢᠩᠭᠠᠨ ᠬᠤᠷᠠᠯ ᠢ ᠡᠷᠬᠢᠯᠡᠭᠰᠡᠨ ᠤ ᠬᠠᠮᠲᠤ ᠶᠠᠷᠢᠶ᠎ᠠ ᠲᠠᠯᠪᠢᠵᠠᠢ᠃ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠭᠦᠷᠭᠡᠯᠡᠬᠦ ᠶᠢ ᠤᠷᠢᠶᠠᠯᠠᠵᠤ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠂ ᠪᠢᠳᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠩ ᠡᠷᠡᠰ ᠪᠠᠲᠤ ᠤᠬᠠᠮᠰᠠᠷ ᠠᠴᠠ ᠪᠠᠨ ᠡᠭᠦᠷᠭᠡᠯᠡᠵᠦ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠵᠡᠭᠦᠨ ᠦᠵᠦᠮᠦᠴᠢᠨ ᠬᠤᠰᠢᠭᠤ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      1 ᠰᠠᠷ᠎ᠠ ᠶᠢᠨ 12 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ 2023 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠵᠢᠴᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠠᠴᠠ ᠡᠮᠦᠨᠡᠬᠢ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ ᠠᠯᠮᠠᠰ ᠵᠡᠷᠭᠡ ᠬᠤᠰᠢᠭᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃ ᠬᠤᠷᠠᠯ ᠳᠡᠭᠡᠷ᠎ᠡ᠂ ᠵᠧᠦ ᠢᠦᠢ ᠯᠦᠩ᠂ ᠪᠠᠭᠠᠲᠤᠷ᠂ ᠪᠠᠲᠤᠮᠦ᠋ᠩᠬᠡ᠂ ᠠᠯᠮᠠᠰ ᠲᠤᠰᠬᠠᠢ ᠰᠡᠳᠦᠪ ᠤᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠭᠤᠣᠯ ᠳᠤᠭᠤᠶᠢᠯᠠᠩ ᠤᠨ ᠪᠤᠰᠤᠳ ᠪᠦᠷᠢᠯᠳᠦᠭᠦᠨ ᠪᠢᠴᠢᠭ ᠤᠨ ᠬᠡᠯᠪᠡᠷᠢ ᠪᠠᠷ ᠰᠣᠯᠢᠯᠴᠠᠭᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃ ᠡᠨᠡ ᠤᠳᠠᠭ᠎ᠠ ᠶᠢᠨ ᠠᠷᠠᠳᠴᠢᠯᠠᠯ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠠᠪᠤᠳᠠᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠢ ᠰᠤᠷᠤᠯᠴᠠᠬᠤ ᠶᠢ ᠶᠡᠭᠡ ᠬᠤᠷᠠᠯ ᠤᠨ ᠰᠢᠷᠢᠰ ᠶᠠᠷᠢᠶ᠎ᠠ ᠪᠣᠯᠣᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠰᠤᠷᠤᠯᠴᠠᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠱᠠᠭᠠᠷᠳᠠᠯᠭ᠎ᠠ ᠶᠢ ᠰᠤᠷᠤᠯᠴᠠᠬᠤ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠡᠨᠬᠦ ᠠᠵᠢᠯ ᠢᠶᠠᠨ ᠠᠬᠢᠭᠤᠯᠬᠤ ᠬᠦᠴᠦᠲᠡᠢ ᠭᠠᠷᠳᠠᠴᠠ ᠪᠣᠯᠭᠠᠨ ᠬᠤᠪᠢᠷᠠᠭᠤᠯᠵᠤ᠂ ᠪᠥᠬᠦ ᠬᠤᠰᠢᠭᠤᠨ ᠤ ᠨᠠᠮ ᠢ ᠴᠢᠩᠭ᠎ᠠ ᠵᠠᠰᠠᠬᠤ ᠪᠠ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠴᠢᠨᠠᠷ ᠰᠠᠶᠢᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠲᠣᠰ ᠡᠳᠦᠷ ᠲᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠪᠥᠬᠦ ᠬᠤᠰᠢᠭᠤᠨ ᠤ ︽ᠴᠠᠭᠠᠨ ᠰᠠᠷ᠎ᠠ︾ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠮᠤᠷ ᠲᠦᠪᠰᠢᠨ ᠲᠣᠭᠲᠠᠭᠤᠨ ᠤ ᠠᠵᠢᠯ ᠤᠨ ᠬᠤᠷᠠᠯ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠠᠩᠬᠠᠳᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠲᠣᠭᠲᠠᠮᠠᠯ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠳᠤ ᠪᠠᠶᠢᠭ᠎ᠠ ᠡᠯ᠎ᠡ ᠳᠡᠳ᠋  ᠬᠤᠰᠢᠭᠤ ᠳᠠᠷᠤᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃  ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠠᠵᠢᠯ ᠪᠣᠯᠣᠨ ᠭᠤᠣᠯᠳᠠᠯᠭ᠎ᠠ ᠲᠠᠢ ᠭᠤᠭᠴᠤᠭ᠎ᠠ ᠶᠢᠨ ᠡᠯ᠎ᠡ ᠵᠦᠢᠯ ᠤᠨ ᠬᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠢᠯᠠᠩᠭᠤᠶ᠎ᠠ ᠬᠤᠸᠠᠷ ᠫᠤᠤᠵᠢᠩ ᠤᠨ ᠠᠵᠢᠯ ᠲᠦᠷᠦᠯ ᠤᠨ ᠬᠠᠮᠢᠶᠠᠷᠤᠯᠲᠠ ᠪᠣᠯᠣᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠬᠢᠨᠠᠨ ᠵᠢᠯᠤᠭᠤᠳᠴᠤ ᠪᠠᠶᠢᠴᠠᠭᠠᠬᠤ ᠶᠢ ᠴᠢᠩᠭᠠᠳᠬᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠡᠷᠡᠰ ᠠᠷᠢᠯᠭᠠᠬᠤ ᠬᠡᠷᠡᠭᠲᠡᠢ᠃ ᠠᠵᠤ ᠠᠬᠤᠶᠢᠯᠠᠯ ᠤᠨ  ᠦᠢᠯᠡᠳᠪᠦᠷᠢᠯᠡᠯ ᠠᠵᠢᠯ ᠢᠶᠠᠨ ᠵᠣᠭᠰᠤᠭᠠᠬᠤ ᠠᠯᠬᠤᠮ ᠳᠠᠷᠠᠭ᠎ᠠ ᠶᠢ ᠮᠡᠳᠡᠭᠦᠯᠦᠨ ᠳᠠᠩᠰᠠᠯᠠᠭᠤᠯᠬᠤ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯ ᠢᠶᠠᠨ ᠰᠡᠷᠭᠦᠭᠡᠬᠦ ᠵᠡᠷᠭᠡ ᠠᠵᠢᠯ ᠢ ᠤᠷᠢᠳᠴᠢᠯᠠᠨ ᠲᠥᠯᠥᠪᠯᠡᠨ ᠪᠠᠶᠢᠷᠢᠯᠠᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠤᠷ ᠲᠦᠪᠰᠢᠨ ᠤ ᠰᠠᠭᠤᠷᠢᠨ ᠳᠡᠭᠡᠷ᠎ᠡ ᠡᠨᠡ ᠵᠢᠯ ᠤᠨ ᠡᠬᠢᠯᠡᠯᠲᠡ ᠶᠢ ᠪᠡᠶᠡᠯᠡᠭᠦᠯᠵᠦ᠂ ᠬᠤᠶᠢᠰᠢᠳᠠ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ︽ᠴᠠᠭᠠᠨ ᠰᠠᠷ᠎ᠠ︾᠂ ︽ᠬᠤᠶᠠᠷ ᠬᠤᠷᠠᠯ︾  ᠤᠨ ᠬᠤᠭᠤᠴᠠᠭᠠᠨ ᠳᠠᠬᠢ ᠠᠮᠤᠷ ᠲᠦᠪᠰᠢᠨ ᠤ ᠰᠡᠷᠭᠡᠶᠢᠯᠡᠯᠲᠡ ᠶᠢ ᠲᠡᠰ ᠳᠡᠪᠰᠢᠭᠦᠯᠦᠨ ᠬᠠᠮᠢᠶᠠᠷᠴᠤ᠂ ᠤᠳᠤᠷᠢᠳᠬᠤ ᠺᠠᠳ᠋ᠷ ᠠᠵᠢᠯ ᠤᠨ ᠪᠠᠶᠢᠷᠢ ᠳᠡᠭᠡᠷ᠎ᠡ ᠪᠠᠨ ᠡᠭᠡᠯᠵᠢ ᠳᠠᠭᠠᠭᠤᠯᠬᠤ᠂ ᠴᠢᠬᠤᠯᠠ ᠠᠵᠢᠯ ᠤᠨ ᠪᠠᠶᠢᠷᠢ ᠳᠤ 24 ᠴᠠᠭ ᠢᠶᠠᠷ ᠵᠢᠵᠢᠭᠦᠷᠯᠡᠬᠦ ᠪᠠ ᠮᠡᠳᠡᠭᠡ ᠵᠠᠩᠭᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠭᠡᠨᠡᠳᠲᠡ ᠶᠢᠨ ᠬᠡᠷᠡᠭ ᠡᠭᠦᠰᠪᠡᠯ ᠲᠡᠷᠡ ᠳᠠᠷᠤᠢ ᠳᠤᠨᠢ ᠮᠡᠳᠡᠭᠦᠯᠵᠦ᠂ ᠲᠡᠷᠡ ᠳᠠᠷᠤᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      1 ᠰᠠᠷ᠎ᠠ ᠶᠢᠨ 17 ᠤ ᠡᠳᠦᠷ   ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠪᠠᠴᠢᠮ ᠪᠠᠶᠢᠳᠠᠯ ᠢ ᠠᠷᠭᠠᠴᠠᠬᠤ᠂ ᠭᠠᠯ ᠤᠨᠲᠠᠷᠠᠭᠠᠬᠤ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ᠂ ᠬᠤᠲᠠ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠳᠠᠭᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠡᠮᠦᠨ᠎ᠡ ᠹᠷᠣᠨᠲ ᠤᠨ ᠠᠵᠢᠯᠲᠠᠳ ᠢ ᠪᠣᠯᠭᠤᠭᠠᠨ ᠦᠵᠡᠪᠡ᠃ ᠰᠢᠦᠢ ᠶᠢᠩ ᠵᠢᠶᠠᠨ ᠴᠢᠬᠤᠯᠠᠴᠢᠯᠠᠭᠰᠠᠨ ᠨᠢ᠂ ᠴᠠᠭᠠᠨ ᠰᠠᠷ᠎ᠠ ᠶᠢᠨ ᠬᠤᠭᠤᠴᠠᠭ᠎ᠠ ᠪᠣᠯ ᠬᠤᠸᠠᠷ ᠫᠤᠤᠵᠢᠩ ᠤᠨ ᠡᠵᠡᠩᠨᠡᠯᠲᠡ ᠪᠣᠷᠤᠯᠠᠭᠤᠯᠭ᠎ᠠ᠂ ᠬᠤᠸᠠᠷ ᠫᠤᠤᠵᠢᠩ ᠲᠠᠯᠪᠢᠬᠤ ᠬᠥᠭᠵᠢᠶᠡᠨᠲᠡᠢ ᠤᠯᠠᠷᠢᠯ ᠪᠣᠯᠣᠨ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠣᠶᠢᠷ᠎ᠠ ᠶᠢᠨ ᠬᠤᠭᠤᠴᠠᠭᠠᠨ ᠤ ᠬᠤᠸᠠᠷ ᠫᠤᠤᠵᠢᠩ ᠤᠨ ᠠᠮᠤᠷ ᠲᠦᠪᠰᠢᠨ ᠤ ᠠᠳᠡᠯ ᠤᠨ ᠰᠤᠷᠭᠠᠮᠵᠢ ᠶᠢ ᠦᠨᠡᠨᠬᠦ ᠭᠥᠯᠢᠶᠡᠨ ᠠᠪᠴᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠴᠢᠨᠠᠭᠰᠢᠳᠠ ᠳᠡᠭᠡᠭᠰᠢᠯᠡᠭᠦᠯᠵᠦ᠂ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠯ᠎ᠡ ᠭᠤᠭᠴᠤᠭ᠎ᠠ ᠶᠢᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠬᠢᠬᠦ ᠬᠡᠷᠡᠭᠲᠡᠢ᠃ ᠡᠵᠡᠩᠨᠡᠯᠲᠡ ᠶᠢᠨ ᠡᠷᠦᠬᠡ ᠨᠦᠭᠦᠳ ᠵᠢᠩᠬᠢᠨᠢ ᠠᠷᠭ᠎ᠠ ᠵᠠᠮ ᠢᠶᠠᠷ ᠬᠤᠸᠠᠷ ᠫᠤᠤᠵᠢᠩ ᠬᠤᠳᠠᠯᠳᠤᠨ ᠠᠪᠬᠤ ᠪᠠᠷ ᠳᠡᠮᠵᠢᠨ᠂ ᠦᠢᠯᠡᠳᠬᠦᠨ ᠤ ᠭᠦᠢᠯᠭᠡᠭᠡᠨ ᠤ ᠬᠠᠨᠳᠤᠰᠢ ᠶᠢᠨ ᠳᠠᠩᠰᠠᠯᠠᠯᠲᠠ ᠶᠢ ᠰᠠᠶᠢᠲᠤᠷ ᠬᠢᠬᠦ ᠶᠢᠨ ᠬᠠᠮᠲᠤ ᠠᠵᠢᠯ ᠡᠷᠬᠢᠯᠡᠭᠰᠡᠳ ᠤᠨ ᠠᠮᠤᠷ ᠲᠦᠪᠰᠢᠨ ᠤ ᠬᠠᠮᠢᠶᠠᠷᠤᠯᠲᠠ ᠪᠠ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠡᠷᠡᠭᠯᠡᠯᠲᠡ ᠶᠢᠨ ᠪᠣᠯᠪᠠᠰᠤᠷᠠᠭᠤᠯᠤᠯ ᠢ ᠳᠡᠭᠡᠳᠦ ᠬᠡᠮᠵᠢᠶ᠎ᠡ ᠪᠠᠷ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠫᠤᠤ ᠲᠤᠷᠰᠢᠬᠤ᠂ ᠢᠯᠡ ᠭᠠᠯ ᠵᠡᠷᠭᠡ ᠠᠮᠤᠷ ᠲᠦᠪᠰᠢᠨ ᠪᠤᠰᠤ ᠦᠶᠯᠡ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ ᠪᠠᠶᠠᠷ ᠤᠨ ᠡᠳᠦᠷ ᠤᠨ ᠡᠵᠡᠩᠨᠡᠯᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃     1 ᠰᠠᠷ᠎ᠠ ᠶᠢᠨ 21 ᠤ ᠡᠳᠦᠷ ᠠᠴᠠ 28 ᠤ ᠡᠳᠦᠷ ᠪᠣᠯᠲᠠᠯ᠎ᠠ      1 ᠰᠠᠷ᠎ᠠ ᠶᠢᠨ 31 ᠤ ᠡᠳᠦᠷ   ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯᠳᠤᠭᠠᠨ ᠬᠤᠷᠠᠯᠳᠤᠪᠠ᠃ ᠬᠤᠷᠠᠯ ᠠᠴᠠ 2022 ᠣᠨ ᠤ ᠠᠵᠢᠯ ᠢ ᠪᠦᠬᠦ ᠲᠠᠯ᠎ᠠ ᠪᠠᠷ ᠳ᠋ᠦᠩᠨᠡᠵᠦ᠂ ᠣᠳᠣᠬᠠᠨ ᠤ ᠪᠠᠶᠢᠳᠠᠯ ᠡᠭᠦᠷᠭᠡ ᠶᠢ ᠵᠠᠳᠠᠯᠵᠤ᠂ 2023 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠪᠣᠳᠠᠲᠠᠢ ᠠᠵᠢᠯ ᠤᠨ ᠪᠠᠶᠢᠷᠢᠯᠠᠭᠤᠯᠤᠯᠲᠠ ᠬᠢᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠲᠤᠯᠤᠭᠠᠨ ᠵᠦᠢᠯ ᠢ ᠲᠠᠶᠠᠭᠳᠠᠬᠤ︾ ︽ᠳᠥᠷᠪᠡᠨ ᠴᠢᠬᠤᠯᠠ ᠶᠡᠭᠡ ᠵᠠᠷᠴᠢᠮ︾ ᠪᠠ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠷᠠᠳᠤᠭᠰᠠᠨ ︽ᠲᠤᠯᠤᠭᠠᠨ ᠵᠦᠢᠯ ᠤᠨ ᠣᠶᠢᠯᠠᠭᠠᠭᠳᠠᠬᠤᠨ︾ ᠤ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠳᠠᠪᠰᠢᠵᠤ᠂ ᠰᠢᠷᠭᠠᠭᠤ ᠬᠠᠲᠠᠭᠤᠵᠢᠯᠲᠠᠢ ᠠᠵᠢᠯᠯᠠᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃ ᠬᠤᠰᠢᠭᠤ ᠨᠠᠮ ᠤᠨ ᠬᠤᠷᠢᠶᠠᠨ ᠤ ᠭᠡᠰᠢᠭᠦᠨ ᠪᠤᠰᠤ ᠪᠥᠬᠦ ᠬᠤᠰᠢᠭᠤᠨ ᠤ ᠪᠤᠰᠤᠳ ᠳᠡᠳ᠋ ᠭᠠᠵᠠᠷ ᠤᠨ ᠲᠠᠰ ᠤᠨ ᠤᠳᠤᠷᠢᠳᠬᠤ ᠺᠠᠳ᠋ᠷ︔ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ᠂ ᠲᠤᠰᠬᠠᠢ ᠲᠤᠰᠢᠶᠠᠯᠲᠤ ᠳᠡᠳ᠋ ᠱᠦᠵᠢ︔ ᠪᠠᠶᠢᠩᠭᠤ ᠶᠢᠨ ᠬᠤᠷᠢᠶᠠᠨ ᠤ ᠪᠠᠶᠢᠭ᠎ᠠ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ︔ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠪᠣᠭᠤᠮᠲᠠ ᠶᠢᠨ ᠵᠥᠪᠯᠡᠯ ᠤᠨ ᠣᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠴᠡᠷᠢᠭ ᠴᠠᠭᠳᠠᠭ᠎ᠠ ᠴᠡᠷᠢᠭ ᠠᠩᠭᠢ᠂ ᠡᠯ᠎ᠡ ᠠᠷᠠᠳ ᠤᠨ ᠪᠦᠯᠬᠦᠮ ᠤᠨ ᠭᠤᠣᠯ ᠬᠠᠷᠢᠭᠤᠴᠠᠯᠭᠠᠲᠠᠨ︔ ᠬᠡᠰᠡᠭ ᠠᠵᠤ ᠠᠬᠤᠶᠢᠯᠠᠯ ᠤᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号