2 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠴᠢᠬᠤᠯᠠ ᠠᠵᠢᠯᠯᠠᠭ᠎ᠠ
ᠨᠡᠶᠢᠲᠡᠯᠡᠭᠰᠡᠨ ᠴᠠᠭ᠄
2023/3/31
      2 ᠰᠠᠷ᠎ᠠ ᠶᠢᠨ 2 ᠤᠨ ᠡᠳᠦᠷ  ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶᠠᠨ ᠤ ᠬᠠᠷᠢᠭᠤᠴᠠᠯᠭᠠᠲᠠᠳ ᠢ ᠳᠠᠭᠠᠭᠤᠯᠤᠨ ᠵᠡᠭᠦᠨ ᠦᠵᠦᠮᠦᠴᠢᠨ ᠬᠤᠰᠢᠭᠤᠨ ᠤ ᠡᠨᠧᠷᠭᠢ ᠶᠢᠨ ᠨᠡᠭᠡᠭᠡᠨ ᠠᠰᠢᠭᠯᠠᠯᠲᠠ᠂ ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠪᠡᠭᠡᠵᠢᠩ ᠬᠤᠲᠠ ᠳᠤ ᠬᠦᠷᠴᠦ ᠠᠷᠠᠯᠵᠢᠶᠠᠴᠢᠨ ᠤᠷᠢᠬᠤ ᠶᠢ ᠵᠣᠯᠭᠠᠭᠤᠯᠬᠤ ᠪᠠ ᠲᠥᠷᠥᠯ ᠵᠦᠢᠯ ᠤᠨ ᠬᠡᠯᠡᠯᠴᠡᠭᠡᠷ ᠬᠢᠵᠦ᠂ ᠵᠧᠦ ᠢᠦᠢ ᠯᠦᠩ ᠨᠠᠷ ᠡᠩ ᠲᠡᠷᠢᠭᠦᠨ ᠳᠤ ᠳᠤᠮᠳᠠᠳᠤ ᠤᠯᠤᠰ ᠤᠨ ᠰᠧᠨ ᠲᠢᠶᠠᠨ ᠠᠵᠤ ᠠᠬᠤᠶᠢᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠰᠠᠨᠠᠯ ᠢᠶᠠᠨ ᠰᠣᠯᠢᠯᠴᠠᠪᠠ᠃ ᠠᠵᠤ ᠠᠬᠤᠶᠢᠯᠠᠯ ᠳᠤ ᠵᠡᠭᠦᠨ ᠦᠵᠦᠮᠦᠴᠢᠨ ᠬᠤᠰᠢᠭᠤᠨ ᠤ ᠠᠵᠤ ᠦᠢᠯᠡᠰ ᠤᠨ ᠬᠥᠭᠵᠢᠯᠲᠡ᠂ ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠵᠡᠷᠭᠡ ᠪᠠᠶᠢᠳᠠᠯ ᠢ ᠲᠠᠨᠢᠯᠴᠠᠭᠤᠯᠬᠤ ᠶᠢᠨ ᠬᠠᠮᠲᠤ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ ᠲᠠᠨᠢᠯᠴᠠᠭᠤᠯᠭ᠎ᠠ ᠶᠢ ᠰᠣᠨᠣᠰᠬᠤ᠂ ᠶᠠᠷᠢᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠪᠠ ᠴᠢᠬᠤᠯᠠ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭ᠎ᠠ ᠶᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠬᠥᠭᠵᠢᠯᠲᠡ ᠶᠢᠨ ᠬᠠᠮᠲᠤᠷᠠᠯᠴᠠᠭ᠎ᠠ᠂ ᠲᠥᠷᠥᠯ ᠵᠦᠢᠯ ᠢ ᠠᠬᠢᠭᠤᠯᠬᠤ ᠵᠡᠷᠭᠡ ᠲᠠᠯ᠎ᠠ ᠪᠠᠷ ᠭᠦᠨᠵᠡᠭᠡᠢ ᠵᠥᠪᠳᠡᠯᠴᠡᠪᠡ᠃ ᠵᠧᠦ ᠢᠦᠢ ᠯᠦᠩ ᠢᠯᠡᠷᠬᠡᠶᠢᠯᠡᠬᠦ ᠳᠡᠭᠡᠨ᠂ ᠵᠡᠭᠦᠨ ᠦᠵᠦᠮᠦᠴᠢᠨ ᠬᠤᠰᠢᠭᠤ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠶᠡᠭᠡ ᠬᠤᠰᠢᠭᠤ ᠪᠣᠯᠣᠨ᠎ᠠ᠃ ᠣᠶᠢᠷ᠎ᠠ ᠶᠢᠨ ᠵᠢᠯ ᠤᠳ ᠲᠤ ᠠᠵᠤ ᠠᠬᠤᠢ ᠨᠡᠶᠢᠭᠡᠮ ᠤᠨ ᠬᠥᠭᠵᠢᠯᠲᠡ ᠳᠤ ︽ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ ᠂ ᠢᠮᠠᠭᠲᠠ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ ᠵᠡᠭᠦᠨ ᠦᠵᠦᠮᠦᠴᠢᠨ ᠬᠤᠰᠢᠭᠤᠨ ᠤ ᠣᠨᠴᠠᠯᠢᠭ ᠲᠠᠢ ᠠᠵᠤ ᠦᠢᠯᠡᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠡᠭᠦᠨ ᠤ ᠬᠠᠮᠲᠤ ᠵᠡᠭᠦᠨ ᠬᠠᠲᠠᠪᠴᠢ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠠᠵᠤ ᠦᠢᠯᠡᠰ ᠤᠨ ᠬᠥᠭᠵᠢᠯᠲᠡ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠬᠡᠲᠦ ᠶᠢᠨ ᠲᠥᠯᠥᠪ ᠲᠤᠶᠢᠯ ᠤᠨ ᠰᠠᠷᠠᠭᠤᠯ ᠠᠭᠤᠳᠠᠮ ᠪᠠᠶᠢᠨ᠎ᠠ᠂ ᠰᠧᠨ ᠲᠢᠶᠠᠨ ᠪᠦᠯᠦᠭᠯᠡᠯ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠢᠷᠡᠭᠡᠳᠦᠢ ᠲᠠᠢ ᠤᠶᠠᠯᠳᠤᠭᠤᠯᠤᠨ᠂ ᠵᠡᠭᠦᠨ ᠬᠠᠲᠠᠪᠴᠢ ᠲᠡᠮᠦᠷ ᠵᠠᠮ ᠤᠨ ᠪᠣᠭᠤᠮᠲᠠ ᠪᠠ ᠣᠯᠠᠨ ᠤᠯᠤᠰ ᠤᠨ ᠠᠵᠤ ᠦᠢᠯᠡᠰ ᠤᠨ ᠬᠦᠷᠢᠶᠡᠯᠡᠩ ᠤᠨ ᠲᠥᠯᠦᠪᠵᠢᠭᠦᠯᠭᠡ ᠶᠢ ᠤᠯᠠᠮ ᠨᠢᠭᠡ ᠠᠯᠬᠤᠮ ᠰᠠᠶᠢᠲᠤᠷ ᠬᠢᠬᠦ ᠶᠢ ᠬᠦᠰᠡᠵᠦ ᠪᠠᠶᠢᠨ᠎ᠠ᠂ ᠮᠠᠨ ᠤ ᠬᠤᠰᠢᠭᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠨᠠᠩ ᠪᠣᠳᠠᠲᠠᠢ ᠶᠢ ᠡᠷᠬᠢᠮᠯᠡᠬᠦ ᠰᠤᠷᠲᠠᠯ᠂ ᠨᠠᠩ ᠬᠦᠴᠦᠲᠡᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠎ᠡ ᠭᠡᠪᠡ᠃      2 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ   ︽ᠲᠦᠷᠪᠡᠨ ᠬᠤᠰᠢᠭᠤ ᠨᠢᠭᠡ ᠬᠤᠳᠠ︾ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠬᠠᠮᠲᠤ ᠪᠠᠷ ᠡᠭᠦᠳᠴᠦ ᠬᠠᠮᠲᠤ ᠪᠠᠷ ᠪᠠᠶᠢᠭᠤᠯᠤᠭᠰᠠᠨ ᠵᠢᠱᠢᠶᠡᠴᠢ ᠤᠷᠳᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠶᠠᠷᠢᠯᠴᠠᠬᠤ ᠬᠤᠷᠠᠯ ᠵᠡᠭᠦᠨ ᠦᠵᠦᠮᠦᠴᠢᠨ ᠬᠤᠰᠢᠭᠤᠨ ᠳᠤ ᠤᠷᠤᠭᠰᠢᠲᠠᠢ ᠬᠤᠷᠠᠯᠳᠤᠪᠠ᠃ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠠᠶᠢᠨ᠎ᠠ ᠶᠠᠷᠢᠯᠴᠠᠬᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠰᠢᠯᠢ ᠶᠢᠨ ᠭᠤᠣᠯ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ ᠰᠦ᠋ ᠶᠤᠸᠠᠢ ᠰᠥᠩ ᠬᠤᠷᠠᠯ ᠢ ᠡᠷᠭᠢᠯᠡᠪᠡ᠃ ᠠᠶᠢᠮᠠᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠡᠷᠬᠢᠯᠡᠭᠴᠢ ᠳᠠᠯᠠᠩᠭᠤᠷᠪᠠ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠶᠠᠷᠢᠯᠴᠠᠬᠤ ᠬᠤᠷᠠᠯ ᠳᠤ ᠣᠷᠣᠯᠴᠠᠪᠠ᠃ ᠡᠷᠢᠶᠡᠨ ᠬᠤᠲᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠰᠥᠨᠢᠳ ᠪᠠᠷᠠᠭᠤᠨ ᠬᠤᠰᠢᠭᠤ᠂ ᠵᠡᠭᠦᠨ ᠦᠵᠦᠮᠦᠴᠢᠨ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠠᠶᠢᠮᠠᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠠᠵᠢᠯᠲᠠᠳ ᠶᠠᠷᠢᠯᠴᠠᠬᠤ ᠬᠤᠷᠠᠯ ᠳᠤ ᠣᠷᠣᠯᠴᠠᠵᠠᠢ᠃ ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ︽ᠲᠦᠷᠪᠡᠨ ᠤᠬᠠᠮᠰᠠᠷ︾  ᠢ ᠲᠠᠰᠤᠷᠠᠯᠳᠡ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾  ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠬᠢᠯᠢ ᠬᠢᠵᠠᠭᠠᠷ ᠲᠤ ᠦᠨᠳᠦᠰᠦᠯᠡᠵᠦ᠂ ᠬᠢᠯᠢ ᠬᠢᠵᠠᠭᠠᠷ ᠢᠶᠠᠨ ᠰᠠᠬᠢᠵᠤ ᠬᠢᠯᠢ ᠬᠢᠵᠠᠭᠠᠷ ᠢᠶᠠᠨ ᠬᠠᠮᠠᠭᠠᠯᠠᠭᠰᠠᠨ ᠰᠡᠳᠬᠢᠯ ᠬᠥᠳᠡᠯᠭᠡᠮ᠎ᠡ ᠦᠶᠯᠡ ᠠᠵᠢᠯᠯᠠᠭ᠎ᠠ ᠶᠢ ᠶᠡᠬᠡᠪᠡᠷ ᠤᠬᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠪᠠᠳᠠᠷᠠᠭᠤᠯᠬᠤ᠂ ᠬᠢᠯᠢ ᠬᠢᠵᠠᠭᠠᠷ ᠢ ᠪᠠᠬᠢᠵᠢᠭᠦᠯᠦᠨ ᠬᠥᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠥᠷᠭᠡᠴᠡ ᠪᠠ ᠭᠦᠨᠴᠡ ᠶᠢ ᠲᠠᠰᠤᠷᠠᠯᠲᠠ ᠦᠭᠡᠢ ᠥᠷᠭᠡᠳᠬᠡᠵᠦ᠂ ︽ᠭᠤᠷᠪᠠᠨ ᠵᠦᠢᠯ ᠤᠨ ᠲᠥᠯᠥᠪᠯᠡᠭᠡ︾  ᠶᠢ ᠭᠦᠨᠵᠡᠭᠡᠢ ᠠᠬᠢᠭᠤᠯᠵᠤ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠬ᠎ᠠ ᠳᠡᠭᠦᠦ ᠮᠡᠲᠦ ᠳᠣᠲᠣᠨᠣ ᠪᠠᠶᠢᠬᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠠᠭᠤᠰᠤᠯᠴᠠᠬᠤ᠂ ᠪᠦᠯᠬᠦᠮᠳᠡᠨ ᠨᠢᠭᠲᠠᠷᠠᠬᠤ ᠶᠢ ᠠᠬᠢᠭᠤᠯᠵᠤ᠂ ᠬᠢᠯᠢ ᠬᠢᠵᠠᠭᠠᠷ ᠤᠨ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠬᠢᠯᠢ ᠬᠢᠵᠠᠭᠠᠷ ᠣᠷᠣᠨ ᠤ ᠦᠨᠳᠦᠰᠦᠲᠡᠨ ᠨᠦᠭᠦᠳ ᠤᠨ ᠬᠠᠮᠲᠤ ᠶᠢᠨ ᠭᠡᠷ ᠣᠷᠣᠨ ᠢ ᠬᠠᠮᠲᠤᠪᠠᠷ ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      2 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠲᠦᠩᠯᠢᠶᠣᠣ ᠬᠤᠲᠠ ᠶᠢᠨ ᠨᠠᠢᠮᠠᠨ ᠬᠤᠰᠢᠭᠤᠨ ᠳᠤ ᠬᠦᠷᠴᠦ ᠥᠪᠥᠷ ᠮᠣᠩᠭᠤᠯ ᠤᠨ ᠰᠢᠩ ᠬᠥ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ ᠬᠡᠯᠪᠡᠷᠢ ᠶᠢᠨ ᠴᠠᠬᠢᠭᠤᠷ ᠤᠨ ᠮᠠᠲ᠋ᠧᠷᠢᠶᠠᠯ ᠤᠨ ᠲᠥᠷᠥᠯ ᠵᠦᠢᠯ ᠳᠤ ᠬᠤᠳᠠᠯᠳᠤᠭᠠᠴᠢᠨ ᠤᠷᠢᠵᠤ ᠰᠢᠨᠵᠢᠯᠡᠨ ᠪᠠᠶᠢᠴᠠᠭᠠᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃ ᠵᠧᠦ ᠢᠦᠢ ᠯᠦᠩ ᠨᠠᠷ ᠳ᠋ᠦᠩ ᠹᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠵᠢᠴᠢ ᠡᠳ᠋ᠰᠢᠭᠦᠯᠬᠦ ᠠᠵᠤ ᠦᠢᠯᠡᠰ ᠤᠨ ᠬᠦᠷᠢᠶᠡᠯᠡᠩ ᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ ᠬᠡᠯᠪᠡᠷᠢ ᠶᠢᠨ ᠴᠠᠬᠢᠭᠤᠷ ᠤᠨ ᠮᠠᠲ᠋ᠧᠷᠢᠶᠠᠯ ᠤᠨ ᠬᠦᠷᠢᠶᠡᠨ ᠳᠠᠬᠢ ᠰᠤᠳᠤᠯᠤᠨ ᠨᠡᠭᠡᠭᠡᠬᠦ ᠪᠠ ᠦᠢᠯᠡᠳᠬᠦ ᠴᠢᠳᠠᠪᠤᠷᠢ ᠶᠢ ᠭᠤᠣᠯᠳᠠᠯᠭ᠎ᠠ ᠲᠠᠢ ᠣᠶᠢᠯᠠᠭᠠᠵᠤ᠂ ᠶᠠᠷᠢᠯᠴᠠᠬᠤ ᠬᠤᠷᠠᠯ ᠳᠡᠭᠡᠷ᠎ᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠥᠷᠨᠢᠭᠦᠯᠬᠦ ᠲᠤᠬᠠᠢ ᠨᠠᠷᠢᠨ ᠨᠢᠭᠲᠠ ᠰᠣᠯᠢᠯᠴᠠᠭ᠎ᠠ ᠬᠢᠭᠰᠡᠨ ᠪᠥᠭᠡᠳ ᠴᠢᠩ ᠰᠡᠳᠬᠢᠯ ᠤᠨ ᠤᠷᠢᠯᠭ᠎ᠠ ᠭᠠᠷᠭᠠᠵᠤ᠂ ᠠᠵᠤ ᠠᠬᠤᠶᠢᠯᠠᠯ ᠤᠨ ᠵᠡᠭᠦᠨ ᠦᠵᠦᠮᠦᠴᠢᠨ ᠳᠤ ᠢᠷᠡᠵᠤ ᠰᠢᠨᠵᠢᠯᠡᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠢᠳᠡᠪᠬᠢᠲᠡᠢ ᠥᠷᠭᠡᠳᠬᠡᠵᠦ᠂ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠪᠡᠶᠡᠯᠡᠭᠦᠯᠬᠦ ᠶᠢ ᠴᠢᠷᠮᠠᠶᠢᠨ ᠠᠬᠢᠭᠤᠯᠬᠤ ᠶᠢ ᠪᠠᠶᠠᠷᠯᠠᠨ ᠤᠭᠲᠤᠵᠤ ᠪᠠᠶᠢᠨ᠎ᠠ ᠭᠡᠪᠡ᠃      ★ 2 ᠰᠠᠷ᠎ᠠ ᠶᠢᠨ 14 ᠤ ᠡᠳᠦᠷ   ᠵᠡᠭᠦᠨ ᠦᠵᠦᠮᠦᠴᠢᠨ ᠬᠤᠰᠢᠭᠤ ᠲᠦᠩᠯᠢᠶᠣᠣ ᠶᠢᠨ ᠲᠢᠶᠧ ᠱᠧᠩ ᠬᠤᠳᠠᠯᠳᠤᠭ᠎ᠠ ᠠᠷᠠᠯᠵᠢᠶᠠᠨ ᠤ ︵ᠪᠦᠯᠦᠭᠯᠡᠯ︶ ᠬᠢᠵᠠᠭᠠᠷᠲᠤ ᠺᠣᠮᠫᠠᠨᠢ ᠵᠡᠷᠭᠡ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠢᠪᠡ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠠᠲᠠᠪᠴᠢ ᠪᠠᠯᠭᠠᠰᠤ ᠵᠡᠷᠭᠡ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ᠮᠥᠨ ᠡᠳᠦᠷ ᠲᠤ  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠥᠪᠥᠷ ᠮᠣᠩᠭᠤᠯ ᠤᠨ ᠰᠢᠩ ᠶᠧ ᠪᠦᠯᠦᠭᠯᠡᠯ ᠤᠨ ᠷᠦᠩ ᠭᠤᠸᠠᠨ ᠠᠭᠤᠷᠬᠠᠢ ᠶᠢᠨ ᠦᠢᠯᠡᠰ ᠪᠠ ᠯᠢᠶᠣᠤᠨᠢᠩ ᠤᠨ ᠬᠠᠢ ᠴᠧᠩ ᠪᠦᠯᠦᠭᠯᠡᠯ ᠲᠠᠢ ᠴᠠᠪᠴᠢᠯ ᠲᠡᠮᠦᠷ ᠴᠠᠶᠢᠷ ᠤᠨ ᠠᠭᠤᠷᠬᠠᠢ ᠶᠢᠨ ᠡᠬᠢ ᠪᠠᠶᠠᠯᠢᠭ ᠢ ᠨᠢᠭᠡᠲᠦᠭᠦᠯᠬᠦ ᠶᠠᠪᠤᠳᠠᠯ ᠤᠨ ᠲᠤᠬᠠᠢ ᠲᠤᠰᠬᠠᠢ ᠰᠡᠳᠦᠪᠲᠦ ᠶᠠᠷᠢᠯᠴᠠᠬᠤ ᠬᠤᠷᠠᠯ ᠬᠢᠵᠡᠢ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠵᠧᠩ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ᠂ ᠥᠪᠥᠷ ᠮᠣᠩᠭᠤᠯ ᠤᠨ ᠰᠢᠩ ᠶᠧ ᠪᠦᠯᠦᠭᠯᠡᠯ᠂ ᠯᠢᠶᠣᠤᠨᠢᠩ ᠤᠨ ᠬᠠᠢ ᠴᠧᠩ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠪᠦᠬᠦ ᠲᠠᠯ᠎ᠠ ᠶᠢᠨ ᠦᠷᠭᠦᠯᠵᠢᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠳᠠᠪᠠᠭᠤᠯᠢᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠲᠠ ᠶᠢ ᠨᠢᠭᠡ ᠴᠣᠭᠴᠠᠵᠢᠭᠤᠯᠬᠤ᠂ ᠲᠤᠰᠬᠠᠶᠢᠵᠢᠭᠤᠯᠬᠤ ᠴᠢᠭᠯᠡᠯ ᠲᠡᠰᠢ ᠬᠥᠭᠵᠢᠭᠦᠯᠬᠦ ᠶᠢ ᠠᠬᠢᠭᠤᠯᠵᠤ᠂ ᠥᠷᠢᠰᠦᠯᠳᠦᠬᠦ ᠬᠦᠴᠦᠨ ᠲᠠᠢ ᠳᠠᠪᠠᠭᠤᠯᠢᠭ ᠠᠭᠤᠷᠬᠠᠢ ᠶᠢᠨ ᠠᠵᠤ ᠠᠬᠤᠶᠢᠯᠠᠯ ᠢ ᠪᠠᠶᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠠᠵᠤ ᠠᠬᠤᠶᠢᠯᠠᠯ ᠡᠷᠬᠡ ᠲᠡᠭᠰᠢ ᠲᠥᠪ ᠭᠤᠣᠯᠴᠢ ᠪᠠᠶᠢᠬᠤ ᠤᠷᠢᠲᠠᠯ ᠳᠣᠣᠷ᠎ᠠ ᠲᠤᠬᠠᠶᠢᠯᠠᠭᠰᠠᠨ ᠠᠵᠢᠯ ᠤᠨ ᠵᠣᠯᠭᠠᠯᠴᠠᠭ᠎ᠠ ᠶᠢ ᠳᠠᠷᠤᠢ ᠲᠦᠷᠭᠡᠨ ᠥᠷᠨᠢᠭᠦᠯᠵᠦ᠂ ᠨᠢᠭᠡᠲᠦᠭᠦᠯᠬᠦ ᠲᠥᠰᠥᠯ ᠭᠠᠷᠭᠠᠵᠤ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠡᠳᠦᠷ ᠢᠶᠠᠷ ᠪᠣᠳᠣᠯᠭ᠎ᠠ ᠪᠣᠯᠭᠠᠨ ᠲᠦᠷᠭᠡᠨ ᠠᠬᠢᠭᠤᠯᠵᠠᠢ᠃ ᠬᠤᠰᠢᠭᠤ ᠲᠠᠰ ᠳᠠᠪᠬᠤᠷᠭ᠎ᠠ  ᠠᠴᠠ ᠠᠵᠢᠯ ᠤᠨ ᠲᠣᠭᠲᠠᠴᠠ ᠶᠢ ᠪᠠᠶᠢᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠤᠨ᠂ ᠡᠯ᠎ᠡ ᠲᠠᠯ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠵᠠᠷᠴᠢᠮ ᠶᠣᠰᠣᠭᠠᠷ᠂ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠲᠦᠷᠭᠡᠳᠬᠡᠨ ᠠᠬᠢᠭᠤᠯᠬᠤ ᠬᠡᠷᠡᠭᠲᠡᠢ ᠭᠡᠪᠡ᠃      ᠲᠣᠰ ᠡᠳᠦᠷ ᠲᠤ  2023 ᠣᠨ ᠤ ᠪᠥᠬᠦ ᠠᠶᠢᠮᠠᠭ ᠤᠨ ᠠᠷᠠᠳ ᠤᠨ ᠶᠠᠪᠤᠳᠠᠯ ᠤᠨ ᠠᠵᠢᠯ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠢᠴᠢ ᠭᠤᠣᠯᠳᠠᠯᠭ᠎ᠠ ᠲᠠᠢ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠶᠢᠨ ᠲᠠᠯᠠᠪᠤᠷ ᠤᠨ ᠬᠤᠷᠠᠯ ᠵᠡᠭᠦᠨ ᠦᠵᠦᠮᠦᠴᠢᠨ ᠬᠤᠰᠢᠭᠤᠨ ᠳᠤ ᠬᠤᠷᠠᠯᠳᠤᠵᠤ᠂ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠠᠯᠳᠠᠷᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠶᠠᠨ ᠹᠠᠩ ᠬᠤᠷᠠᠯ ᠢ ᠡᠷᠭᠢᠯᠡᠪᠡ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ ᠪᠠᠶᠠᠷ ᠤᠨ ᠦᠭᠡ ᠬᠡᠯᠡᠵᠡᠢ᠃ ᠬᠤᠷᠠᠯ ᠠᠴᠠ᠂ ᠪᠦᠬᠦ ᠠᠶᠢᠮᠠᠭ ᠤᠨ ᠠᠷᠠᠳ ᠤᠨ ᠶᠠᠪᠤᠳᠠᠯ ᠤᠨ ᠰᠢᠰᠲ᠋ᠧᠮ ᠤᠨ ᠬᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠡᠭᠦᠷᠭᠡᠯᠡᠯ᠂ ᠴᠢᠩᠭ᠎ᠠ ᠬᠦᠴᠦᠲᠡᠢ ᠥᠭᠡᠷᠡᠴᠢᠯᠡᠯᠲᠡ ᠶᠢᠨ ᠡᠷᠴᠢᠮ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ 2023 ᠣᠨ ᠤ ᠠᠷᠠᠳ ᠤᠨ ᠶᠠᠪᠤᠳᠠᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠨᠠᠮ ᠤᠨ ᠠᠷᠠᠳ ᠤᠨ ᠶᠠᠪᠤᠳᠠᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠰᠠᠭᠤᠷᠢ ᠪᠠᠨ ᠲᠠᠰᠤᠷᠠᠯᠲᠠ ᠦᠭᠡᠢ ᠪᠠᠬᠢᠵᠢᠭᠦᠯᠵᠦ᠂ ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠠᠬᠢ ᠠᠷᠠᠳ ᠤᠨ ᠶᠠᠪᠤᠳᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠡᠭᠦᠷᠭᠡ ᠬᠠᠷᠢᠭᠤᠴᠠᠯᠭ᠎ᠠ ᠶᠢ ᠨᠡᠩ ᠰᠠᠶᠢᠲᠤᠷ ᠪᠡᠶᠡᠯᠡᠭᠦᠯᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠮᠥᠨ ᠡᠳᠦᠷ ᠲᠤ  ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ ᠰᠢᠯᠢ ᠶᠢᠨ ᠭᠤᠣᠯ ᠠᠶᠢᠮᠠᠭ ᠤᠨ ᠰᠢᠩ ᠹᠦ᠋ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠵᠢᠶᠠᠨ ᠱᠦᠨ ᠱᠧᠩ ᠨᠠᠷ ᠲᠠᠢ ᠶᠠᠷᠢᠯᠴᠠᠬᠤ ᠬᠤᠷᠠᠯ ᠬᠢᠵᠡᠢ᠃ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠵᠧᠩ ᠬᠤᠷᠠᠯ ᠳᠤ ᠣᠷᠣᠯᠴᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      2 ᠰᠠᠷ᠎ᠠ ᠶᠢᠨ 20 ᠤ ᠡᠳᠦᠷ  ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ᠪᠥᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠵᠡᠷᠭᠡ ᠬᠤᠯᠪᠣᠭᠳᠠᠯ ᠪᠦᠬᠦᠢ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ᠂ ᠬᠤᠰᠢᠭᠤ ᠰᠢᠭᠤᠳ ᠬᠠᠷᠢᠶ᠎ᠠ ᠬᠤᠰᠢᠭᠤᠨ ᠳᠤ ᠰᠠᠭᠤᠭ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ ᠴᠡᠷᠢᠭ ᠴᠠᠭᠳᠠᠭ᠎ᠠ ᠴᠡᠷᠢᠭ ᠠᠩᠭᠢ ᠶᠢᠨ ᠭᠤᠣᠯ ᠳᠠᠷᠤᠭ᠎ᠠ ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ ᠬᠢᠨ ᠰᠢᠰᠲ᠋ᠧᠮᠲᠦ ᠰᠡᠳᠬᠢᠬᠦᠢ ᠪᠣᠯᠣᠨ ᠪᠦᠬᠦ ᠲᠠᠯ᠎ᠠ ᠶᠢᠨ ᠦᠵᠡᠯᠲᠡ ᠪᠠᠨ ᠴᠢᠩᠭᠠᠳᠬᠠᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠳᠥᠭᠦᠮ ᠳᠥᠲᠡ ᠥᠨᠳᠥᠷ ᠪᠦᠲᠦᠮᠵᠢᠲᠡᠢ ᠵᠢᠯᠤᠭᠤᠳᠬᠤ ᠰᠢᠰᠲ᠋ᠧᠮ ᠢ ᠪᠠᠶᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠠᠵᠢᠯ ᠤᠨ ᠲᠣᠬᠢᠷᠠᠭᠤᠯᠭ᠎ᠠ ᠶᠢ ᠴᠢᠩᠭᠠᠳᠬᠠᠵᠤ᠂ ᠡᠯ᠎ᠡ ᠲᠦᠷᠦᠯ ᠤᠨ ᠡᠬᠢ ᠪᠠᠶᠠᠯᠢᠭ ᠢ ᠨᠢᠭᠡᠲᠦᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠤᠯᠤᠰ ᠤᠨ ︽ᠬᠤᠶᠠᠷ ᠬᠤᠷᠠᠯ︾  ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃        ★ 2 ᠰᠠᠷ᠎ᠠ ᠶᠢᠨ 21 ᠤ ᠡᠳᠦᠷ  ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠬᠤᠷᠠᠯᠳᠤᠪᠠ᠃ ᠬᠤᠷᠠᠯ ᠨᠢ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠵᠢᠴᠢ ᠠᠶᠢᠮᠠᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠴᠢᠨᠠᠭᠰᠢᠳᠠ ᠭᠦᠨᠵᠡᠭᠡᠢ ᠰᠤᠷᠤᠯᠴᠠᠨ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠤᠯᠤᠰ ᠲᠦᠷᠦ ᠶᠢᠨ ᠬᠢᠨᠠᠯᠲᠠ ᠶᠢ ᠭᠦᠨᠵᠡᠭᠡᠶᠢᠷᠡᠭᠦᠯᠵᠦ᠂ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠤᠬᠠᠮᠰᠠᠷ ᠢ ᠦᠷᠭᠦᠯᠵᠢᠯᠡᠨ ᠭᠤᠶᠢᠪᠢᠰᠢ ᠦᠭᠡᠢ ᠪᠡᠶᠡᠯᠡᠭᠦᠯᠬᠦ ᠬᠡᠷᠡᠭᠲᠡᠢ᠃ ᠴᠢᠩᠭ᠎ᠠ ᠦᠨᠳᠦᠰᠦᠨ ᠵᠠᠷᠴᠢᠮ ᠢ ᠭᠤᠶᠢᠪᠢᠰᠢ ᠦᠭᠡᠢ ᠪᠠᠷᠢᠮᠲᠠᠯᠠᠵᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠰᠤᠷᠲᠠᠯ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠬᠤ ᠬᠡᠷᠡᠭᠲᠡᠢ᠃ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠤᠯᠤᠰ ᠲᠦᠷᠦ ᠶᠢᠨ ᠲᠣᠭᠲᠠᠯ ᠬᠦᠴᠦᠨ ᠢ ᠪᠠᠲᠤᠯᠠᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ᠬᠢᠨᠠᠯᠲᠠ ᠲᠠᠯᠪᠢᠵᠤ ᠵᠠᠰᠠᠬᠤ ᠦᠷ᠎ᠡ ᠪᠦᠲᠦᠮᠵᠢ ᠶᠢ ᠤᠷᠳᠤ ᠬᠤᠭᠤᠴᠠᠭ᠎ᠠ ᠪᠠᠷ ᠳᠡᠭᠡᠭᠰᠢᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠪᠠᠶᠢᠭᠤᠯᠬᠤ ᠬᠡᠷᠡᠭᠲᠡᠢ ᠭᠡᠪᠡ᠃ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠬᠤᠰᠢᠭᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠡᠯ᠎ᠡ ᠭᠡᠰᠢᠭᠦᠨ᠂ ᠡᠯ᠎ᠡ ᠶᠡᠭᠡ ᠣᠳᠤᠷᠢᠳᠬᠤ ᠪᠠᠭ ᠤᠨ ᠠᠯᠪᠠᠨ ᠭᠡᠷ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠤ ᠪᠠᠶᠢᠭ᠎ᠠ ᠰᠠᠯᠠᠭ᠎ᠠ ᠮᠥᠴᠢᠷ ᠤᠨ ᠪᠠᠶᠢᠩᠭᠤ ᠶᠢᠨ ᠳᠡᠳ᠋ ᠲᠤᠰᠢᠶᠠᠯᠲᠠᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠥᠬᠦ ᠺᠠᠳ᠋ᠷ᠂ ᠬᠤᠰᠢᠭᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠪᠥᠬᠦ ᠺᠠᠳ᠋ᠷ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠲᠤᠰᠬᠠᠢ ᠲᠤᠰᠢᠶᠠᠯᠲᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ ︵ᠬᠢᠨᠠᠨ ᠪᠠᠶᠢᠴᠠᠭᠠᠬᠤ ᠠᠯᠪᠠᠨ ᠭᠡᠷ ᠤᠨ ᠡᠷᠬᠢᠯᠡᠭᠴᠢ︶᠂ ᠰᠠᠬᠢᠯᠭ᠎ᠠ ᠪᠠᠲᠤ ᠪᠠᠶᠢᠴᠠᠭᠠᠬᠤ ᠠᠵᠢᠯᠲᠠᠨ᠂ ᠲᠤᠰᠬᠠᠢ ᠲᠤᠰᠢᠶᠠᠯᠲᠤ ᠬᠢᠨᠠᠨ ᠪᠠᠶᠢᠴᠠᠭᠠᠭᠴᠢ᠂ ᠬᠤᠰᠢᠭᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠬᠤᠰᠢᠭᠤ ᠬᠢᠨᠠᠨ ᠪᠠᠶᠢᠴᠠᠭᠠᠬᠤ ᠵᠥᠪᠯᠡᠯ ᠤᠨ ᠣᠨᠴᠠ ᠤᠷᠢᠭᠰᠠᠨ ᠬᠢᠨᠠᠨ ᠪᠠᠶᠢᠴᠠᠭᠠᠭᠴᠢ ᠬᠤᠷᠠᠯ ᠳᠤ ᠣᠷᠣᠯᠴᠠᠵᠠᠢ᠃      ᠮᠥᠨ ᠡᠳᠦᠷ ᠲᠤ  ᠪᠦᠭᠦ ᠬᠤᠰᠢᠭᠤᠨ ᠤ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠪᠠ ᠭᠤᠣᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠬᠤᠷᠠᠯ ᠢ ᠡᠷᠭᠢᠯᠡᠵᠦ᠂ ᠵᠠᠰᠠᠭ ᠤᠨ ᠣᠷᠳᠣᠨ ᠤ ᠭᠡᠷ ᠲᠡᠭᠡᠨ ᠪᠠᠶᠢᠭ᠎ᠠ ᠡᠯ᠎ᠡ ᠳᠡᠳ᠋ ᠬᠤᠰᠢᠭᠤ ᠳᠠᠷᠤᠭ᠎ᠠ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠭᠤᠣᠯ ᠬᠠᠷᠢᠭᠤᠴᠠᠯᠭᠠᠲᠠᠨ ᠂ ᠬᠡᠰᠡᠭ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ   ᠠᠴᠠ ᠴᠢᠬᠤᠯᠠᠴᠢᠯᠠᠭᠰᠠᠨ ᠨᠢ᠂ ᠨᠢᠭᠡᠳᠦᠭᠡᠷ ᠤᠯᠠᠷᠢᠯ ᠤᠨ ᠠᠵᠢᠯ ᠢ ᠰᠠᠶᠢᠲᠤᠷ ᠬᠢᠬᠦ ᠨᠢ ᠪᠥᠬᠦ ᠵᠢᠯ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠨ᠎ᠠ᠂ ᠪᠥᠬᠦ ᠬᠤᠰᠢᠭᠤᠨ ᠤ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ ᠳᠡᠭᠡᠷ᠎ᠡ ᠳᠤᠤᠷ᠎ᠠ ᠱᠠᠲᠤᠨ ᠤ ᠬᠢᠨ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠠ ᠴᠣᠩᠬᠤᠨ ᠤ ᠬᠤᠭᠤᠴᠠᠭ᠎ᠠ ᠶᠢ ᠠᠮᠵᠢᠨ ᠠᠳᠬᠤᠵᠤ᠂ ᠨᠠᠩ ᠬᠦᠴᠦᠲᠡᠢ ᠠᠵᠢᠯ ᠤᠨ ᠠᠷᠭ᠎ᠠ ᠬᠡᠮᠵᠢᠶ᠎ᠡ᠂ ᠨᠠᠩ ᠪᠠᠲᠤ ᠴᠢᠩᠭ᠎ᠠ ᠢᠲᠡᠭᠡᠯ ᠵᠣᠷᠢᠭ ᠢᠶᠠᠷ ︽ᠰᠠᠶᠢᠨ ᠡᠬᠢᠯᠡᠯᠲᠡ ᠲᠠᠢ︾᠂ ︽ᠡᠭᠦᠳᠡ ᠪᠠᠨ ᠯᠠᠪᠳᠠᠭᠤᠨ ᠨᠡᠭᠡᠭᠡᠵᠦ︾ ᠶᠢ ᠪᠠᠲᠤᠯᠠᠵᠤ᠂ ︽ᠬᠤᠶᠠᠷ ᠢ ᠬᠠᠭᠠᠰ ᠢᠶᠠᠷ ᠥᠩᠭᠡᠷᠡᠭᠦᠯᠬᠦ︾ ︽ᠪᠥᠬᠦ ᠵᠢᠯ ᠳᠤ ᠥᠭᠡᠳᠡᠯᠡᠨ ᠮᠠᠨᠳᠤᠬᠤ︾ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠪᠡ᠃      ★ 2 ᠰᠠᠷ᠎ᠠ ᠶᠢᠨ 24 ᠤ ᠡᠳᠦᠷ  ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠬᠤᠶᠠᠳᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠮᠠᠯ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠵᠠᠰᠠᠭ ᠤᠨ ᠣᠷᠳᠣᠨ ᠤ ᠬᠤᠰᠢᠭᠤᠨ ᠳᠤ ᠪᠠᠶᠢᠭ᠎ᠠ ᠡᠯ᠎ᠡ ᠳᠡᠳ᠋ ᠳᠠᠷᠤᠭ᠎ᠠ ᠬᠤᠷᠠᠯ ᠳᠤ ᠣᠷᠣᠯᠴᠠᠵᠤ᠂ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠷᠠᠯ   ᠢ ᠡᠷᠭᠢᠯᠡᠪᠡ᠃ ᠵᠧᠦ ᠢᠦᠢ ᠯᠦᠩ᠂ ᠪᠤᠰᠤᠳ ᠭᠠᠵᠠᠷ ᠣᠷᠣᠨ ᠳᠤ ᠭᠠᠷᠤᠭᠰᠠᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠬᠡᠷᠡᠭ ᠠᠴᠠ ᠡᠮᠦᠨᠡᠬᠢ ᠰᠡᠷᠭᠡᠶᠢᠯᠡᠯᠲᠡ ᠶᠢ ᠴᠢᠨᠠᠭᠰᠢᠳᠠ ᠴᠢᠩᠭᠠᠳᠬᠠᠵᠤ᠂ ᠲᠣᠪᠣᠶᠢᠮ᠎ᠠ ᠠᠰᠠᠭᠤᠳᠠᠯ ᠪᠣᠯᠣᠨ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠡᠯ᠎ᠡ ᠲᠦᠷᠦᠯ ᠤᠨ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠪᠡ᠃ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      2 ᠰᠠᠷ᠎ᠠ ᠶᠢᠨ 27 ᠤ ᠡᠳᠦᠷ ᠠᠴᠠ 28 ᠤ ᠡᠳᠦᠷ ᠪᠣᠯᠲᠠᠯ᠎ᠠ   ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠯᠪᠣᠭ᠎ᠠ ᠶᠢᠨ ᠱᠠᠭᠠᠷᠳᠠᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠡᠾᠦ᠋ᠸᠧ ᠶᠢᠨ ᠪᠢᠩ ᠨᠠᠷ ᠤᠷᠢᠳ ᠬᠤᠵᠢᠳ ᠱᠠᠨ ᠶᠢᠨ ᠪᠠᠶᠠᠨᠬᠦ᠋ᠭᠡᠪᠦᠷ ᠠᠭᠤᠷᠬᠠᠢ ᠶᠢᠨ ᠦᠢᠯᠡᠰ᠂ ᠵᠥᠩ ᠺᠠᠩ ᠲᠥᠷᠥᠯ ᠵᠦᠢᠯ ᠤᠨ ᠬᠡᠯᠲᠡᠰ᠂ ᠬᠤᠩ ᠪᠥᠸᠧ ᠠᠭᠤᠷᠬᠠᠢ ᠶᠢᠨ ᠦᠢᠯᠡᠰ᠂ ᠰᠢᠯᠢ ᠶᠢᠨ ᠠᠭᠤᠷᠬᠠᠢ ᠶᠢᠨ ᠦᠢᠯᠡᠰ ᠪᠠ ᠷᠦᠩ ᠭᠤᠸᠠᠨ ᠠᠭᠤᠷᠬᠠᠢ ᠶᠢᠨ ᠦᠢᠯᠡᠰ ᠵᠡᠷᠭᠡ ᠠᠭᠤᠷᠬᠠᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠢ ᠦᠢᠯᠡᠳᠪᠦᠷᠢᠯᠡᠯ ᠪᠠ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠵᠤ ᠱᠠᠭᠠᠷᠳᠠᠨ ᠵᠢᠯᠣᠭᠤᠳᠪᠠ᠃ ᠬᠤᠰᠢᠭᠤ ᠵᠠᠰᠠᠭ ᠤᠨ ᠣᠷᠳᠣᠨ ᠤ ᠠᠯᠪᠠᠨ ᠭᠡᠷ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠬᠤᠪᠢᠶᠠᠷᠢ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠳ ᠪᠠᠷ᠎ᠠ ᠪᠣᠯᠪᠠ᠃ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠪᠠᠰᠠ ᠳᠠᠭᠤᠲᠤᠨᠠᠭᠤᠷ ᠪᠠᠯᠭᠠᠰᠤ ᠪᠣᠯᠣᠨ ᠮᠠᠨᠳᠤᠬᠤᠪᠤᠯᠠᠭ ᠪᠠᠯᠭᠠᠰᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠤᠬᠠᠢ ᠶᠢᠨ ᠭᠠᠵᠠᠷ  ᠲᠤᠨᠢ ᠰᠤᠷᠪᠤᠯᠵᠢᠯᠠᠬᠤ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ᠂ ᠮᠠᠯᠵᠢᠬᠤ ᠣᠷᠣᠨ ᠤ ᠠᠵᠢᠯ ᠪᠠ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠥᠷᠨᠢᠭᠦᠯᠦᠭᠰᠡᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠴᠢᠬᠤᠯᠠᠴᠢᠯᠠᠨ ᠵᠢᠭᠠᠵᠤ ᠭᠠᠷᠭᠠᠭᠰᠠᠨ ᠨᠢ᠂ ᠬᠠᠷᠢᠶᠠᠲᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠦᠵᠡᠯ ᠰᠠᠨᠠᠭᠠᠨ ᠤ ᠲᠠᠯ᠎ᠠ ᠪᠠᠷ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠵᠡᠯ ᠰᠠᠨᠠᠭ᠎ᠠ ᠦᠶᠯᠡ ᠠᠵᠢᠯᠯᠠᠭ᠎ᠠ ᠪᠠᠨ ᠳᠡᠭᠡᠷ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠢᠮᠠᠭᠲᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠡᠭᠦᠷᠭᠡᠲᠦ ᠰᠡᠳᠬᠢᠯᠭᠡ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠬᠤ᠂ ᠮᠠᠯᠵᠢᠬᠤ ᠣᠷᠣᠨ ᠤ ᠠᠵᠢᠯ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠠᠵᠢᠯ ᠳᠤ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号