ᠵᠡᠭᠦᠨ ᠦᠵᠦᠮᠦᠴᠢᠨ ᠬᠤᠰᠢᠭᠤᠨ ᠤ ᠬᠢᠨ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠬᠡᠪ ᠤᠨ ᠪᠣᠭᠤᠮᠲᠠ ᠪᠠᠷ ᠥᠩᠭᠡᠷᠡᠬᠦ ᠶᠢ ᠯᠠᠪᠳᠠᠭᠤᠨ ᠢᠶᠠᠷ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/6
      ᠵᠡᠭᠦᠨ ᠦᠵᠦᠮᠦᠴᠢᠨ ᠬᠤᠰᠢᠭᠤᠨ ᠤ ᠬᠢᠨ ᠤᠷᠢᠳᠴᠢᠯᠠᠨ ᠲᠥᠯᠥᠪᠵᠢᠭᠦᠯᠵᠦ᠂ ᠨᠠᠷᠢᠨ ᠬᠢᠨᠠᠮᠠᠭᠠᠢ ᠪᠠᠶᠢᠷᠢᠯᠠᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢ  ᠨᠡᠪᠲᠡᠷᠡᠭᠦᠯᠬᠦ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠣᠭᠤᠮᠲᠠ ᠶᠢᠨ ᠪᠠᠷᠠᠭᠠᠨ ᠤ ᠬᠡᠪ ᠤᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠲᠦᠷᠭᠡᠳᠭᠡᠨ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃      ᠨᠢᠭᠡ ᠳᠤ᠂ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠪᠠ᠃ ᠵᠡᠭᠦᠨ ᠬᠠᠲᠠᠪᠴᠢ ᠪᠣᠭᠤᠮᠲᠠ ᠨᠢ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠪᠣᠯᠣᠨ ᠮᠣᠩᠭᠤᠯ ᠤᠯᠤᠰ ᠤᠨ ᠪᠢᠴᠢᠭᠲᠦ ᠪᠣᠭᠤᠮᠲᠠ ᠲᠠᠢ ᠢᠳᠡᠪᠬᠢᠲᠡᠢ ᠨᠡᠪᠲᠡᠷᠡᠯᠴᠡᠨ ᠵᠣᠯᠭᠠᠭᠤᠯᠵᠤ᠂ ᠣᠶᠢᠷ᠎ᠠ ᠶᠢᠨ ᠬᠤᠭᠤᠴᠠᠭᠠᠨ ᠤ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢ ᠨᠡᠪᠲᠡᠷᠡᠭᠦᠯᠬᠦ ᠪᠡᠯᠡᠳᠬᠡᠯ ᠠᠵᠢᠯ ᠤᠨ ᠲᠠᠯ᠎ᠠ ᠪᠠᠷ ᠰᠠᠨᠠᠯ ᠨᠢᠭᠡᠳᠴᠦ᠂ 2 ᠰᠠᠷ᠎ᠠ ᠶᠢᠨ ᠰᠡᠭᠦᠯᠴᠢ ᠪᠠᠷ ᠪᠠᠷᠠᠭᠠᠨ ᠤ ᠬᠡᠪ ᠤᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠪᠠᠷ ᠪᠠᠶᠢᠨ᠎ᠠ᠃      ᠬᠤᠶᠠᠷ ᠲᠤ᠂ ᠰᠠᠭᠤᠷᠢ ᠪᠠᠲᠤᠯᠠᠭ᠎ᠠ ᠶᠢ ᠲᠡᠭᠦᠯᠳᠡᠷᠵᠢᠭᠦᠯᠪᠠ᠃ ᠪᠠᠷᠠᠭᠠᠨ ᠤ ᠲᠡᠭᠡᠭᠡᠪᠦᠷᠢ ᠶᠢᠨ ᠬᠡᠪ ᠤᠨ ᠪᠣᠭᠤᠮᠲᠠ ᠪᠠᠷ ᠥᠩᠭᠡᠷᠡᠬᠦ ᠳᠡᠰ ᠳᠠᠷᠠᠭᠠᠯᠠᠯ ᠢ ᠡᠮᠬᠢᠯᠡᠬᠦ᠂ ᠲᠦᠬᠦᠭᠡᠷᠦᠮᠵᠢ ᠶᠢ ᠤᠭᠰᠠᠷᠠᠬᠤ ᠵᠡᠷᠭᠡ ᠠᠵᠢᠯ ᠢ ᠪᠠᠶᠢᠴᠠᠭᠠᠨ ᠰᠢᠯᠭᠠᠬᠤ ᠶᠢᠨ ᠬᠠᠮᠲᠤ᠂ 1 ᠢᠵᠢ ᠲᠦᠷ ᠴᠠᠭ ᠤᠨ ᠴᠢᠨᠠᠷᠲᠠᠢ ᠪᠠᠶᠢᠴᠠᠭᠠᠯᠲᠠ ᠶᠢᠨ ᠴᠡᠭ ᠪᠠ 1 ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠶᠢ ᠨᠡᠮᠡᠵᠦ ᠪᠠᠶᠢᠭᠤᠯᠬᠤ ᠪᠠᠷ ᠲᠥᠯᠥᠪᠯᠡᠵᠦ᠂ ᠨᠡᠪᠲᠡᠷᠡᠭᠰᠡᠨ ᠤ ᠳᠠᠷᠠᠭᠠᠬᠢ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠪᠠ ᠪᠠᠷᠠᠭ᠎ᠠ ᠪᠠᠭᠤᠯᠭᠠᠬᠤ ᠲᠠᠯᠠᠪᠤᠷ ᠤᠨ ᠬᠡᠷᠡᠭᠴᠡᠭᠡ ᠱᠠᠭᠠᠷᠳᠠᠯᠭ᠎ᠠ ᠶᠢ ᠦᠨᠡᠨᠬᠦ ᠪᠠᠲᠤᠯᠠᠪᠠ᠃ ᠣᠳᠣᠬᠠᠨ ᠳᠤ᠂ ᠵᠡᠭᠦᠨ ᠬᠠᠲᠠᠪᠴᠢ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢᠨ ᠵᠠᠮ ︵ᠬᠠᠵᠠᠭᠤ ᠭᠡᠷ︶ ᠨᠢᠭᠡᠨᠲᠡ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ ᠤᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ︔ ᠨᠡᠮᠡᠵᠦ ᠪᠠᠶᠢᠭᠤᠯᠤᠭᠰᠠᠨ ᠪᠣᠭᠤᠮᠲᠠ ᠶᠢᠨ ᠬᠢᠨᠠᠨ ᠬᠠᠮᠢᠶᠠᠷᠬᠤ ᠬᠥᠮᠥᠷᠭᠡ ᠨᠢ ᠨᠢᠭᠡᠨᠲᠡ ᠬᠢᠨᠠᠨ ᠬᠠᠮᠢᠶᠠᠷᠬᠤ ᠬᠢᠷᠢ ᠬᠡᠮ ᠲᠠᠢ ᠪᠣᠯᠤᠭᠰᠠᠨ ᠪᠥᠭᠡᠳ ᠲᠤᠷᠰᠢᠨ ᠠᠵᠢᠯᠯᠠᠭᠤᠯᠪᠠ︔ ᠲᠦᠷ ᠴᠠᠭ ᠤᠨ ᠴᠢᠨᠠᠷᠲᠠᠢ ᠪᠣᠭᠤᠮᠲᠠ ᠶᠢᠨ ᠠᠮᠠᠰᠠᠷ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢ ᠶᠠᠭ ᠤᠭᠰᠠᠷᠠᠵᠤ ᠪᠠᠶᠢᠨ᠎ᠠ᠂ ᠣᠶᠢᠷ᠎ᠠ ᠶᠢᠨ ᠬᠤᠭᠤᠴᠠᠭᠠᠨ ᠳᠤ ᠪᠣᠭᠤᠮᠲᠠ ᠪᠠᠷ ᠥᠩᠭᠡᠷᠡᠭᠦᠯᠬᠦ ᠲᠤᠷᠰᠢᠯᠲᠠ ᠬᠢᠬᠦ ᠪᠠᠷ ᠲᠥᠯᠥᠪᠯᠡᠵᠦ ᠪᠠᠶᠢᠨ᠎ᠠ᠃      ᠭᠤᠷᠪᠠ ᠳᠤ᠂ ᠠᠵᠤ ᠠᠬᠤᠶᠢᠯᠠᠯ ᠳᠤ ᠤᠷᠢᠳᠠᠪᠠᠷ ᠦᠢᠯᠡᠴᠢᠯᠡᠪᠠ᠃ ︽ᠪᠠᠷᠠᠭᠠᠨ ᠤ ᠲᠡᠭᠡᠭᠡᠪᠦᠷᠢ ᠶᠢᠨ ᠬᠡᠪ ᠤᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠪᠡᠯᠡᠳᠬᠡᠯ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠪᠣᠭᠤᠮᠲᠠ ᠪᠠᠷ ᠥᠩᠭᠡᠷᠡᠬᠦ ᠡᠯ᠎ᠡ ᠲᠡᠭᠡᠭᠡᠪᠦᠷᠢ ᠶᠢᠨ ᠠᠵᠤ ᠠᠬᠤᠶᠢᠯᠠᠯ ᠢ ᠱᠠᠭᠠᠷᠳᠠᠵᠤ ᠪᠠᠷᠠᠭᠠᠨ ᠤ ᠬᠡᠪ ᠤᠨ ᠲᠡᠭᠡᠭᠡᠪᠦᠷᠢ ᠶᠢᠨ ᠪᠣᠭᠤᠮᠲᠠ ᠪᠠᠷ ᠥᠩᠭᠡᠷᠡᠬᠦ ᠶᠢ ᠰᠡᠷᠭᠦᠭᠡᠬᠦ ᠪᠡᠯᠡᠳᠬᠡᠯ ᠠᠵᠢᠯ ᠢ ᠰᠠᠶᠢᠲᠤᠷ ᠬᠢᠵᠦ᠂ ᠲᠡᠭᠡᠭᠡᠪᠦᠷᠢ ᠶᠢᠨ ᠵᠥᠪᠰᠢᠶᠡᠷᠡᠯ ᠤᠨ ᠦᠨᠡᠮᠯᠡᠯ᠂ ᠣᠶᠤᠨᠲᠤ ᠺᠠᠷᠲ ᠤᠨ ᠢᠯᠭᠠᠨ ᠲᠠᠨᠢᠬᠤ ᠺᠠᠷᠲ ᠵᠢᠴᠢ ᠲᠡᠭᠡᠭᠡᠪᠦᠷᠢ ᠶᠢᠨ ᠲᠡᠷᠭᠡ ᠬᠥᠰᠬᠡ ᠪᠣᠯᠣᠨ ᠵᠢᠯᠣᠭᠤᠴᠢ ᠶᠢᠨ ᠳᠠᠩᠰᠠᠯᠠᠯᠲᠠ ᠶᠢ ᠤᠷᠢᠳᠴᠢᠯᠠᠨ ᠭᠦᠢᠴᠡᠳᠬᠡᠬᠦ ᠶᠢᠨ ᠬᠠᠮᠲᠤ ᠪᠣᠭᠤᠮᠲᠠ ᠪᠠᠷ ᠥᠩᠭᠡᠷᠡᠬᠦ ᠲᠠᠰ ᠳᠠᠷᠠᠭᠠᠯᠠᠯ ᠪᠣᠯᠣᠨ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠠᠯ᠎ᠠ ᠪᠠᠷ ᠬᠢᠯᠢ ᠪᠠᠷ ᠣᠷᠣᠬᠤ ᠵᠢᠯᠣᠭᠤᠴᠢ ᠶᠢᠨ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号